5.11ᠡᠮᠦᠨᠡᠲᠦ ᠮᠣᠩᠭᠣᠯ ᠢ ᠳᠡᠮᠵᠢᠬᠦ ᠡᠳᠦᠷ ᠦᠨ ᠳᠤᠷᠠᠰᠬᠠᠯ ᠤᠨ ᠦᠢᠯᠡ ᠠᠵᠢᠯᠯᠠᠭ᠎ᠠ ᠶᠠᠫᠣᠨ ᠵᠡᠷᠭᠡ ᠣᠯᠠᠨ ᠣᠷᠣᠨ ᠳᠤ ᠪᠣᠯᠵᠤ ᠥᠩᠭᠡᠷᠡᠯ᠎ᠡ
5 ᠰᠠᠷ᠎ᠠ ᠶᠢᠨ11 ᠨᠢ ᠡᠮᠦᠨᠡᠲᠦ ᠮᠣᠩᠭᠣᠯ ᠢ ᠳᠡᠮᠵᠢᠬᠦ ᠡᠳᠦᠷ ᠪᠣᠯᠬᠤ ᠶᠤᠮ᠃ ᠵᠢᠯ ᠪᠣᠯᠭᠠᠨ ᠬᠢᠯᠢ ᠶᠢᠨ ᠭᠠᠳᠠᠨ᠎ᠠ ᠠᠮᠢᠳᠤᠷᠠᠨ ᠣᠷᠤᠰᠢᠳᠠᠭ ᠡᠮᠦᠨᠡᠲᠦ ᠮᠣᠩᠭᠣᠯᠴᠤᠳ ᠨᠢ ᠡᠨᠡ ᠡᠳᠦᠷ ᠢ ᠳᠤᠷᠠᠰᠬᠠᠨ ᠦᠢᠯᠡ ᠠᠵᠢᠯᠯᠠᠭ᠎ᠠ ᠵᠣᠬᠢᠶᠠᠨ ᠪᠠᠶᠢᠭᠤᠯᠳᠠᠭ ᠪᠥᠭᠡᠳ ᠥᠨᠥ ᠵᠢᠯ ᠴᠤ ᠤᠷᠢᠳᠠᠬᠢ ᠲᠠᠢ ᠪᠠᠨ ᠠᠳᠠᠯᠢ ᠪᠠᠷ ᠶᠠᠫᠣᠨ ᠵᠡᠷᠭᠡ ᠣᠷᠣᠨ ᠨᠤᠭᠤᠳ ᠲᠤ ᠳᠤᠷᠠᠰᠬᠠᠯ ᠤᠨ ᠬᠦᠳᠡᠯᠭᠡᠭᠡᠨ ᠵᠣᠬᠢᠶᠠᠨ ᠪᠠᠶᠢᠭᠤᠯᠤᠭᠳᠠᠭᠰᠠᠨ ᠪᠢᠯᠡ᠃
2011 ᠣᠨ ᠤ 5 ᠳ᠋ᠤᠭᠠᠷ ᠰᠠᠷ᠎ᠠ ᠶᠢᠨ 11 ᠦ ᠡᠳᠦᠷ᠂ ᠡᠮᠦᠨᠡᠲᠦ ᠮᠣᠩᠭᠣᠯ ᠤᠨ ᠨᠤᠲᠤᠭ ᠤᠨ ᠪᠡᠯᠴᠢᠭᠡᠷ ᠢᠶᠠᠨ ᠬᠠᠮᠠᠭᠠᠯᠠᠬᠤ ᠶᠢᠨ ᠲᠤᠯᠠᠳᠠ ᠮᠠᠯᠴᠢᠨ ᠮᠡᠷᠭᠡᠨ ᠬᠢᠲᠠᠳ ᠤᠨ ᠨᠡᠭᠦᠷᠡᠰᠦᠨ ᠦ ᠲᠣᠮᠣ ᠠᠴᠢᠶᠠᠨ ᠤ ᠮᠠᠰᠢᠨ ᠳᠤ ᠳᠠᠭᠠᠷᠢᠭᠤᠯᠵᠤ ᠠᠮᠢ ᠪᠠᠨ ᠠᠯᠳᠠᠭᠰᠠᠨ ᠶᠤᠮ᠃ ᠲᠡᠭᠦᠪᠡᠷ ᠴᠤ ᠥᠯᠦ ᠪᠠᠷᠠᠨ ᠭᠡᠮᠲᠦ ᠡᠲᠡᠭᠡᠳ ᠬᠢᠲᠠᠳ ᠡᠷ᠎ᠡ᠂ ᠬᠦᠮᠦᠨ ᠦ ᠡᠷᠳᠡᠨᠢᠲᠦ ᠠᠮᠢ ᠶᠢ ᠵᠣᠷᠢᠭᠤᠳᠠ ᠪᠠᠷ ᠠᠴᠢᠶᠠᠨ ᠤ ᠮᠠᠰᠢᠨ ᠢᠶᠠᠷ ᠢᠶᠠᠨ ᠳᠠᠭᠠᠷᠢᠨ ᠬᠦᠨᠦᠭᠡᠬᠦ ᠳᠡᠬᠡᠨ《ᠮᠣᠩᠭᠣᠯ ᠬᠦᠮᠦᠨ ᠦ ᠠᠮᠢ ᠭᠡᠵᠦ ᠵᠢᠭᠠᠬᠠᠨ ᠮᠥᠩᠭᠥ ᠲᠥᠯᠥᠪᠡᠯ ᠪᠣᠯᠴᠢᠬᠠᠬᠤ ᠶᠤᠮ ᠪᠢᠰᠢ ᠦᠦ》ᠭᠡᠵᠦ ᠳᠣᠷᠣᠮᠵᠢᠯᠠᠵᠠᠢ᠃ ᠡᠭᠦᠨ ᠢ ᠮᠣᠩᠭᠣᠯᠴᠤᠳ ᠪᠢᠳᠡ᠂ ᠵᠦᠭᠡᠷ ᠯᠠ ᠨᠢᠭᠡᠨ ᠪᠦᠳᠦᠭᠦᠯᠢᠭ ᠡᠷ᠎ᠡ ᠶᠢᠨ ᠬᠠᠤᠯᠢ ᠪᠣᠰᠤ ᠦᠢᠯᠡᠳᠦᠯ ᠭᠡᠵᠦ ᠦᠵᠡᠬᠦ ᠦᠭᠡᠢ ᠪᠠᠶᠢᠨ᠎ᠠ᠃ ᠡᠭᠦᠨ ᠲᠡᠢ ᠨᠢᠭᠡᠨ ᠠᠳᠠᠯᠢ ᠪᠠᠷ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠨᠢ ᠪᠠᠶᠢᠭᠤᠯᠤᠭᠳᠠᠭᠰᠠᠨ ᠴᠠᠭ ᠠᠴᠠ ᠨᠠᠰᠢ᠂ ᠬᠢᠲᠠᠳ ᠤᠨ ᠺᠣᠮᠮᠤᠨᠢᠰᠲ ᠨᠠᠮ ᠤᠨ ᠵᠠᠰᠠᠭ ᠤᠨ ᠭᠠᠵᠠᠷ ᠨᠢ ᠡᠮᠦᠨᠡᠲᠦ ᠮᠣᠩᠭᠣᠯᠴᠤᠳ ᠤᠨ ᠪᠦᠬᠦ ᠠᠮᠢᠳᠤᠷᠠᠯ ᠢ ᠤᠯᠠᠨ ᠳᠤ ᠪᠠᠨ ᠭᠢᠰᠬᠢᠨ ᠲᠠᠯᠬᠢᠭᠰᠠᠭᠠᠷ ᠢᠷᠡᠭᠰᠡᠨ ᠪᠢᠯᠡ᠃
ᠮᠡᠷᠭᠡᠨ ᠦ ᠬᠡᠷᠡᠭ ᠡᠴᠡ ᠬᠣᠶᠢᠰᠢ᠂ ᠮᠠᠯᠴᠢᠳ ᠵᠢᠯ ᠪᠣᠯᠭᠠᠨ ᠤ5 ᠳ᠋ᠤᠭᠠᠷ ᠰᠠᠷ᠎ᠠ ᠶᠢᠨ11 ᠦ ᠡᠳᠦᠷ ᠢ≪ ᠨᠤᠲᠤᠭ ᠪᠡᠯᠴᠢᠭᠡᠷ ᠢᠶᠡᠨ ᠬᠠᠮᠠᠭᠠᠯᠠᠬᠤ ᠡᠳᠦᠷ≫ ᠪᠣᠯᠭᠠᠨ ᠳᠤᠷᠠᠰᠬᠠᠶ᠎ᠠ ᠬᠡᠮᠡᠨ ᠨᠤᠲᠤᠭ ᠤᠨ ᠮᠣᠩᠭᠣᠯᠴᠤᠳ ᠢᠶᠠᠨ ᠤᠷᠢᠶᠠᠯᠠᠨ᠂ ᠬᠡᠳᠦᠨ ᠵᠢᠯ ᠦᠷᠭᠦᠯᠵᠢᠯᠡᠨ ᠬᠢᠭᠰᠡᠨ ᠪᠣᠯᠪᠠᠴᠤ᠂ ᠺᠣᠮᠮᠦᠨᠢᠰᠲ ᠨᠠᠮ ᠤᠨ ᠳᠠᠷᠤᠯᠲᠠ ᠰᠢᠬᠠᠯᠲᠠ ᠠᠴᠠ ᠪᠣᠯᠣᠨ ᠨᠤᠲᠤᠭ ᠣᠷᠣᠨ ᠳᠠᠭᠠᠨ ᠢᠯᠡ ᠪᠠᠷ ᠬᠢᠵᠦ ᠳᠡᠶᠢᠯᠬᠦ ᠦᠭᠡᠢ ᠪᠣᠯᠣᠭᠰᠠᠨ ᠪᠢᠯᠡ᠃2020 ᠣᠨ ᠳᠤ ᠮᠣᠩᠭᠣᠯ ᠰᠤᠷᠭᠠᠭᠤᠯᠢ ᠶᠢᠨ ᠬᠡᠦᠬᠡᠳ ᠦᠨ ᠡᠬᠡ ᠬᠡᠯᠡ ᠪᠡᠷ ᠢᠶᠡᠨ ᠰᠤᠷᠬᠤ ᠡᠷᠬᠡ ᠨᠢ ᠬᠠᠰᠤᠭᠳᠠᠭᠰᠠᠨ ᠠᠴᠠ ᠬᠣᠶᠢᠰᠢ᠂ ᠡᠮᠦᠨᠡᠲᠦ ᠮᠣᠩᠭᠣᠯ ᠤᠨ ᠶᠡᠬᠡ ᠬᠤᠷᠠᠯᠳᠠᠢ ᠨᠢ ᠲᠤᠰ ᠡᠳᠦᠷ ᠢ≪ ᠣᠯᠠᠨ ᠤᠯᠤᠰ ᠤᠨ ᠡᠮᠦᠨᠡᠲᠦ ᠮᠣᠩᠭᠣᠯ ᠢ ᠳᠡᠮᠵᠢᠬᠦ ᠡᠳᠦᠷ≫ ᠪᠣᠯᠭᠠᠬᠤ ᠤᠷᠢᠶᠠᠯᠠᠭ᠎ᠠ ᠭᠠᠷᠭᠠᠭᠰᠠᠨ ᠠᠴᠠ ᠬᠣᠶᠢᠰᠢ ᠣᠳᠣ ᠪᠣᠯᠲᠠᠯ᠎ᠠ ᠦᠷᠭᠦᠯᠵᠢᠯᠡᠵᠦ᠂ ᠶᠠᠪᠤᠬᠤ ᠲᠣᠳᠣᠮ ᠦᠷᠭᠡᠵᠢᠨ ᠲᠡᠯᠡᠭᠰᠡᠭᠡᠷ ᠪᠠᠶᠢᠭ᠎ᠠ ᠪᠢᠯᠡ᠃
ᠥᠨᠥ ᠵᠢᠯ ᠶᠠᠫᠣᠨ ᠳᠠᠬᠢ ᠬᠢᠲᠠᠳ ᠤᠨ ᠡᠯᠴᠢᠨ ᠰᠠᠶᠢᠳ ᠭᠠᠵᠠᠷ ᠤᠨ ᠡᠮᠦᠨ᠎ᠡ᠂ ᠪᠠᠰᠠ ᠤᠤᠰᠠᠺᠠ᠂ ᠨᠠᠭᠣᠶᠠ᠂ ᠹᠦᠺᠦᠤᠺᠠ᠂ ᠨᠢᠺᠠᠲᠠ᠂ ᠰᠠᠫᠫᠣᠷᠣ᠋ ᠶᠢᠨ ᠬᠢᠲᠠᠳ ᠤᠨ ᠺᠣᠨᠰᠦ᠋ᠯ ᠤᠨ ᠡᠮᠦᠨ᠎ᠡ ᠡᠰᠡᠷᠭᠦᠴᠡᠯ ᠬᠦᠳᠡᠯᠭᠡᠭᠡᠨ ᠵᠣᠬᠢᠶᠠᠨ ᠪᠠᠶᠢᠭᠤᠯᠵᠠᠢ᠃ ᠡᠭᠦᠨ ᠡᠴᠡ ᠭᠠᠳᠠᠨ᠎ᠠ᠂ ᠠᠮᠧᠷᠢᠺᠠ᠂ ᠨᠸᠳᠡᠷᠯᠠᠨᠳ᠋᠂ ᠠᠩᠭ᠍ᠯᠢ ᠵᠡᠷᠭᠡ ᠣᠷᠣᠨ ᠤ ᠬᠢᠲᠠᠳ ᠤᠨ ᠡᠯᠴᠢᠨ ᠦ ᠡᠮᠦᠨ᠎ᠡ ᠡᠰᠡᠷᠭᠦᠴᠡᠯ ᠦᠨ ᠬᠦᠳᠡᠯᠭᠡᠭᠡᠨ ᠵᠣᠬᠢᠶᠠᠨ ᠪᠠᠶᠢᠭᠤᠯᠤᠭᠳᠠᠭᠰᠠᠨ ᠪᠠᠶᠢᠨ᠎ᠠ᠃