ᠡᠬᠡ  ᠬᠡᠯᠡ ᠪᠡᠨ  ᠠᠪᠤᠷᠠᠨ ᠬᠠᠮᠠᠭᠠᠯᠠᠬᠤ ᠶᠢᠨ ᠲᠥᠯᠥᠭᠡᠬᠢ ᠭᠠᠷ ᠤᠨ ᠦᠰᠦᠭ ᠵᠢᠷᠤᠬᠤ ᠠᠵᠢᠯᠯᠠᠭᠠᠨ ᠳᠤ ᠤᠷᠢᠶᠠᠯᠠᠬᠤ ᠨᠢ

ᠡᠬᠡ  ᠬᠡᠯᠡ ᠪᠡᠨ  ᠠᠪᠤᠷᠠᠨ ᠬᠠᠮᠠᠭᠠᠯᠠᠬᠤ ᠶᠢᠨ ᠲᠥᠯᠥᠭᠡᠬᠢ ᠭᠠᠷ ᠤᠨ ᠦᠰᠦᠭ ᠵᠢᠷᠤᠬᠤ ᠠᠵᠢᠯᠯᠠᠭᠠᠨ ᠳᠤ ᠤᠷᠢᠶᠠᠯᠠᠬᠤ ᠨᠢ

ᠦᠷᠭᠡᠨ ᠣᠯᠠᠨ ᠮᠣᠩᠭᠣᠯᠴᠤᠳ ᠡ

ᠪᠦᠭᠦᠳᠡ ᠨᠠᠢᠷᠠᠮᠳᠠᠬᠤ ᠬᠢᠲᠠᠳ ᠠᠷᠠᠳ ᠤᠯᠤᠰ ᠨᠢ 2020 ᠣᠨ ᠤ 9 ᠳ᠋ᠦ᠋ᠭᠡᠷ ᠰᠠᠷ᠎ᠠ ᠶᠢᠨ ᠰᠢᠨ᠎ᠡ ᠰᠤᠷᠤᠯᠭ᠎ᠠ ᠶᠢᠨ ᠬᠤᠭᠤᠴᠠᠭᠠᠨ ᠠᠴᠠ ᠡᠬᠢᠯᠡᠨ᠂ ᠡᠮᠦᠨᠡᠲᠦ ᠮᠣᠩᠭᠣᠯ( ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ) ᠦᠨ ᠮᠣᠩᠭᠣᠯ ᠢᠶᠠᠷ ᠬᠢᠴᠢᠶᠡᠯᠯᠡᠬᠦ ᠪᠠᠭ᠎ᠠ ᠳᠤᠮᠳᠠ ᠰᠤᠷᠭᠠᠭᠤᠯᠢ ᠶᠢᠨ ᠬᠡᠯᠡ᠂ ᠲᠡᠦᠬᠡ᠂ ᠤᠯᠤᠰ ᠲᠥᠷᠥ ᠵᠡᠷᠭᠡ ᠶᠢᠨ ᠭᠣᠣᠯ ᠪᠣᠯᠬᠣ ᠬᠢᠴᠢᠶᠡᠯ ᠲᠦᠷᠦᠯ᠎ ᠢ ᠬᠢᠲᠠᠳ ᠢᠶᠠᠷ  ᠵᠢᠭᠠᠬᠤ ᠪᠣᠯᠭᠠᠭᠰᠠᠨ ᠨᠢ ᠲᠠ ᠪᠢᠳᠡᠨ ᠦ ᠣᠢ ᠲᠣᠢᠨ ᠠᠴᠠ ᠬᠠᠷᠠᠬᠠᠨ ᠠᠷᠴᠢᠭᠳᠠᠭ᠎ᠠ ᠦᠭᠡᠢ ᠪᠢᠵᠡ ᠡ᠃ ᠮᠣᠩᠭᠣᠯᠴᠣᠳ ᠢ ᠬᠠᠢᠯᠠᠭᠤᠯᠤᠨ ᠤᠰᠠᠳᠬᠠᠬᠤ ᠵᠣᠷᠢᠯᠭ᠎ᠠ ᠪᠠᠨ ᠨᠢᠭᠤᠨ ᠳᠠᠯᠳᠠᠯᠠᠬᠤ ᠪᠠᠨ ᠴᠤ ᠪᠣᠯᠢᠭᠰᠠᠨ ᠬᠢᠲᠠᠳ ᠤᠨ ᠵᠠᠰᠠᠭ ᠪᠣᠶᠣ ᠺᠣᠮᠮᠦᠨᠢᠰᠲ ᠨᠠᠮ ᠤ ᠪᠣᠰᠣᠷᠮᠠᠭ ᠦᠢᠯᠡᠳᠦᠯ ᠨᠢ ᠡᠭᠦᠪᠡᠷ ᠵᠣᠭᠰᠤᠬᠤ ᠶᠠᠭᠤᠮ᠎ᠠ ᠪᠢᠰᠢ ᠭᠡᠳᠡᠭ ᠢ ᠮᠣᠩᠭᠣᠯᠴᠣᠳ ᠪᠢᠳᠡᠨ ᠢ ᠴᠣᠴᠢᠷᠳᠠᠭᠤᠯᠤᠭᠰᠠᠨ ᠰᠡᠭᠦᠯ ᠦᠨ ᠦᠶ᠎ᠡ ᠶᠢᠨ ᠮᠡᠳᠡᠭᠡ ᠨᠦᠭᠥᠳ ᠬᠠᠷᠠᠭᠤᠯᠵᠤ ᠪᠠᠢᠨ᠎ᠠ᠃ ᠲᠤᠬᠠᠢᠯᠠᠪᠠᠯ᠂ ᠥᠨᠥ ᠵᠢᠯ ᠦᠨ5 ᠳ᠋ᠤᠭᠠᠷ ᠰᠠᠷ᠎ᠠ ᠶᠢᠨ1 ᠡᠴᠡ ᠡᠬᠢᠯᠡᠨ᠂ ᠥᠪᠥᠷ ᠮᠣᠩᠭᠣᠯ ᠳᠠᠬᠢ ᠬᠡᠰᠡᠭ ᠮᠣᠩᠭᠣᠯ ᠰᠤᠷᠭᠠᠭᠤᠯᠢ ᠳᠤ ᠪᠦᠬᠦ ᠲᠦᠷᠦᠯ᠎ ᠤᠨ ᠬᠢᠴᠢᠶᠡᠯ ᠢ ᠬᠢᠲᠠᠳ ᠢᠶᠠᠷ ᠵᠢᠭᠠᠵᠤ ᠡᠬᠢᠯᠡᠬᠦ ᠪᠦᠭᠡᠳ ᠡᠭᠦᠨ ᠢᠶᠡᠨ 9 ᠳ᠋ᠦ᠋ᠭᠡᠷ ᠰᠠᠷ᠎ᠠ ᠶᠢᠨ1 ᠡᠴᠡ ᠡᠬᠢᠯᠡᠨ ᠪᠦᠬᠦ ᠣᠷᠣᠨ ᠤ ᠮᠣᠩᠭᠣᠯ ᠰᠤᠷᠭᠠᠭᠤᠯᠢ ᠳᠤ ᠬᠡᠷᠡᠭᠵᠢᠭᠦᠯᠵᠦ ᠡᠬᠢᠯᠡᠬᠦ ᠭᠡᠵᠦ ᠪᠠᠢᠨ᠎ᠠ᠃ ᠴᠣᠷ ᠤᠨ ᠭᠠᠭᠴᠠ ᠦᠯᠡᠳᠡᠭᠰᠡᠨ ᠮᠣᠩᠭᠣᠯ ᠬᠡᠯᠡ ᠨᠢ ᠴᠤ ᠭᠠᠷᠠᠭ ᠤᠨ7 ᠴᠠᠭ ᠠᠴᠠ ᠪᠠᠨ1 ᠴᠠᠭ ᠪᠣᠯᠣᠨ ᠪᠠᠭᠠᠰᠬᠤ ᠭᠡᠵᠦ ᠪᠣᠢ᠃

ᠮᠣᠩᠭᠣᠯ ᠦᠨᠳᠦᠰᠦᠲᠡᠨ ᠦ ᠬᠡᠦᠬᠡᠳ ᠪᠠᠭᠠᠴᠤᠳ ᠤᠨ ᠡᠬᠡ ᠬᠡᠯᠡ ᠪᠡᠷ ᠢᠶᠡᠨ ᠬᠦᠮᠦᠵᠢᠯ ᠬᠦᠷᠲᠡᠬᠦ ᠡᠷᠬᠡ ᠶᠢ ᠤᠤᠯᠭᠠᠯᠠᠨ ᠪᠣᠯᠢᠶᠠᠵᠤ ᠪᠠᠢᠭ᠎ᠠ ᠪᠦᠭᠦᠳᠡ ᠨᠠᠢᠷᠠᠮᠳᠠᠬᠤ ᠬᠢᠲᠠᠳ ᠠᠷᠠᠳ ᠤᠯᠤᠰ ᠤᠨ ᠪᠠᠯᠠᠮᠠᠳ ᠦᠢᠯᠡᠳᠦᠯ ᠨᠢ ᠥᠪᠡᠷ ᠦᠨ ᠤᠯᠤᠰ ᠤᠨ ᠦᠨᠳᠦᠰᠦᠨ ᠬᠠᠤᠯᠢ ᠪᠠᠨ ᠵᠦᠷᠢᠴᠡᠵᠦ ᠪᠠᠢᠬᠤ ᠪᠠᠷ ᠦᠯᠦ ᠪᠠᠷᠠᠨ ᠣᠯᠠᠨ ᠤᠯᠤᠰ ᠤᠨ ᠬᠠᠮᠢᠶ᠎ᠠ ᠪᠦᠬᠦᠢ ᠬᠠᠤᠯᠢ ᠳᠦᠷᠢᠮ᠂ ᠭᠡᠷ᠎ᠡ ᠲᠣᠭᠲᠠᠭᠠᠯ ᠵᠡᠷᠭᠡ ᠶᠢ ᠴᠤ ᠵᠦᠷᠢᠴᠡᠵᠦ ᠪᠠᠢᠭ᠎ᠠ ᠬᠠᠤᠯᠢ ᠪᠣᠰᠣ ᠠᠵᠢᠯᠯᠠᠭ᠎ᠠ ᠪᠣᠯᠬᠤ ᠶᠤᠮ᠃  ᠬᠡᠦᠬᠡᠳ ᠪᠠᠭᠠᠴᠤᠳ ᠪᠣᠯ ᠦᠪᠡᠷ ᠦᠨ ᠦᠨᠳᠦᠰᠦᠲᠡᠨ ᠦ ᠡᠬᠡ ᠬᠡᠯᠡ ᠪᠡᠷ ᠢᠶᠡᠨ ᠪᠣᠯᠪᠠᠰᠤᠷᠠᠯ ᠬᠦᠷᠲᠡᠬᠦ ᠡᠷᠬᠡ ᠲᠡᠢ ᠭᠡᠳᠡᠭ ᠨᠢ ᠨᠢᠭᠡᠲᠦᠭᠰᠡᠨ ᠦᠨᠳᠦᠰᠦᠲᠡᠨ ᠦ ᠪᠠᠢᠭᠤᠯᠤᠯᠭ᠎ᠠ ᠪᠣᠯᠣᠨ ᠣᠯᠠᠨ ᠤᠯᠤᠰ ᠤᠨ ᠬᠠᠮᠲᠤ ᠶᠢᠨ ᠪᠠᠢᠭᠤᠯᠤᠯᠭ᠎ᠠ ᠨᠤᠭᠤᠳ ᠤᠨ ᠬᠠᠮᠢᠶ᠎ᠠ ᠪᠦᠬᠦᠢ ᠳᠦᠷᠢᠮ ᠵᠢᠭᠠᠯᠲᠠ ᠳᠤ ᠴᠤ ᠲᠣᠳᠣᠷᠬᠠᠢ ᠪᠢᠴᠢᠭᠳᠡᠵᠦ ᠪᠤᠢ᠃ ᠮᠣᠩᠭᠣᠯ ᠬᠡᠦᠬᠡᠳ ᠢ ᠬᠦᠴᠦ ᠪᠡᠷ ᠡᠬᠡ ᠬᠡᠯᠡᠨ ᠦ ᠬᠦᠮᠦᠵᠢᠯ ᠢ ᠨᠢ ᠪᠣᠯᠢᠭᠤᠯᠬᠤ ᠠᠵᠢᠯᠯᠠᠭ᠎ᠠ ᠪᠣᠯ ᠰᠣᠶᠣᠯ ᠤᠨ ᠬᠢᠲᠤᠯᠭ᠎ᠠ ᠪᠣᠯᠣᠨ᠎ᠠ᠃ ᠮᠠᠨ ᠤ ᠦᠨᠳᠦᠰᠦᠲᠡᠨ ᠦ ᠰᠣᠶᠣᠯ ᠤᠯᠠᠮᠵᠢᠯᠠᠯ ᠪᠣᠯᠣᠨ ᠣᠶᠣᠨ ᠰᠦᠨᠡᠰᠦᠨ ᠳᠤ ᠶᠠᠪᠤᠭᠤᠯᠵᠤ ᠪᠣᠢ ᠬᠣᠮᠣᠷᠭᠠᠯᠠᠨ ᠤᠰᠠᠳᠬᠠᠯᠲᠠ ᠪᠣᠯᠬᠤ ᠶᠤᠮ᠃

2020ᠣᠨ ᠳᠤ᠂ ᠬᠢᠲᠠᠳ ᠤᠨ ᠡᠨᠡ ᠬᠦ ᠪᠣᠳᠣᠯᠭ᠎ᠠ ᠳᠤ ᠳᠤᠷ᠎ᠠ ᠦᠭᠡᠢᠯᠡᠨ ᠰᠠᠨᠠᠯ ᠭᠠᠷᠭᠠᠭᠰᠠᠳ᠂ ᠡᠷᠭᠦᠳᠡᠯ ᠳᠡᠪᠰᠢᠭᠦᠯᠦᠭᠰᠡᠨ ᠣᠯᠠᠨ ᠣᠯᠠᠨ ᠭᠡᠷ ᠦᠨ ᠠᠬᠠᠮᠠᠳ᠂ ᠪᠠᠭᠰᠢ ᠠᠵᠢᠯᠲᠠᠳ᠂ ᠠᠯᠪᠠᠲᠠᠳ ᠤᠨ ᠬᠦᠳᠡᠯᠭᠡᠭᠡᠨ ᠢ ᠬᠦᠴᠦ ᠪᠡᠷ ᠳᠠᠷᠤᠩᠭᠤᠢᠯᠠᠭᠰᠠᠨ ᠨᠢ ᠬᠢᠲᠠᠳ ᠤᠨ ᠵᠠᠰᠠᠭ ᠨᠢ ᠮᠣᠩᠭᠣᠯᠴᠤᠳ ᠪᠢᠳᠡᠨ ᠦ ᠶᠠᠮᠠᠷ ᠴᠤ ᠬᠦᠰᠡᠯ ᠰᠠᠨᠠᠯ ᠢ ᠬᠦᠯᠢᠶᠡᠨ ᠠᠪᠬᠤ ᠦᠭᠡᠢ ᠭᠡᠳᠡᠭ ᠢ ᠬᠠᠷᠠᠭᠤᠯᠵᠤ ᠪᠠᠢᠭ᠎ᠠ ᠬᠡᠷᠡᠭ ᠪᠢᠯᠡ᠃

ᠡᠢᠮᠦ ᠶᠢᠨ ᠲᠤᠯᠠᠲᠠ᠂ ᠳᠠᠶᠠᠩ ᠳᠡᠯᠡᠬᠡᠢ ᠶᠢᠨ ᠦᠨᠴᠦᠭ ᠪᠣᠯᠣᠩ ᠦᠭᠡᠢ ᠲᠠᠷᠬᠠᠨ ᠰᠠᠭᠤᠷᠢᠰᠢᠵᠤ ᠪᠠᠢᠭ᠎ᠠ ᠦᠷᠭᠡᠨ ᠣᠯᠠᠨ᠎ ᠮᠣᠩᠭᠣᠯ ᠠᠬᠠᠨ ᠳᠡᠭᠦᠦᠰ ᠂ ᠡᠭᠡᠴᠢ ᠳᠡᠭᠦᠦᠨᠡᠷ᠂ ᠵᠢᠴᠢ ᠪᠢᠳᠡᠨ ᠢ ᠳᠡᠮᠵᠢᠳᠡᠭ ᠰᠢᠳᠤᠷᠭᠤ ᠶᠣᠰᠣ ᠶᠢ ᠳᠡᠭᠡᠳᠦᠯᠡᠳᠡᠭ  ᠬᠦᠮᠦᠨ ᠪᠦᠬᠦᠨ ᠳᠦ ᠤᠷᠢᠶᠠᠯᠠᠬᠤ ᠨᠢ᠂

ᠶᠠᠫᠣᠨ᠂ ᠠᠮᠸᠷᠢᠺᠠ᠂ ᠡᠸᠦ᠋ᠷᠦᠫᠡ ᠶᠢᠨ ᠬᠣᠯᠪᠣᠭ᠎ᠠ ᠵᠡᠷᠭᠡ ᠶᠢᠨ ᠠᠷᠠᠳᠴᠢᠯᠠᠭᠰᠠᠨ ᠣᠷᠣᠨ ᠤ ᠫᠠᠷᠯᠠᠮᠸᠨᠲ ᠪᠣᠯᠣᠨ ᠵᠠᠰᠠᠭ ᠤᠨ ᠭᠠᠵᠠᠷ ᠲᠤ ᠬᠦᠰᠡᠯᠲᠡ ᠭᠠᠷᠭᠠᠵᠤ ᠂ ᠬᠢᠲᠠᠳ ᠤᠨ ᠵᠠᠰᠠᠭ ᠤᠨ ᠭᠠᠵᠠᠷ ᠤᠨ ᠡᠨᠡ ᠬᠦ ᠬᠠᠤᠯᠢ ᠪᠤᠰᠤ ᠠᠵᠢᠯᠯᠠᠭ᠎ᠠ ᠶᠢ  ᠡᠰᠡᠷᠭᠦᠴᠡᠵᠦ᠂  ᠬᠢᠲᠠᠳ ᠤᠨ ᠵᠠᠰᠠᠭ ᠤᠨ ᠡᠮᠦᠨᠡᠲᠦ ᠮᠣᠩᠭᠣᠯᠴᠤᠳ ᠤᠨ ᠡᠬᠡ ᠬᠡᠯᠡᠨ ᠦ ᠪᠣᠯᠪᠠᠰᠤᠷᠠᠯ ᠬᠦᠷᠲᠡᠬᠦ ᠡᠷᠬᠡ ᠶᠢ ᠴᠤᠴᠠᠯᠠᠵᠤ ᠪᠠᠢᠭ᠎ᠠ ᠪᠣᠳᠣᠯᠭ᠎ᠠ ᠶᠢ ᠨᠡᠩ ᠳᠠᠷᠤᠢ ᠵᠣᠭᠰᠤᠭᠠᠬᠤ ᠶᠢ ᠱᠠᠭᠠᠷᠳᠠᠬᠤ ᠶᠢ ᠬᠦᠰᠡᠨ ᠤᠷᠢᠶᠠᠯᠠᠵᠤ ᠪᠠᠢᠨ᠎ᠠ᠃ ᠡᠭᠦᠨ ᠦ ᠲᠥᠯᠥᠭᠡ ᠲᠠ ᠪᠢᠳᠡᠨ ᠦ ᠬᠠᠮᠲᠤ ᠶᠢᠨ ᠴᠢᠷᠮᠠᠢᠯᠭ᠎ᠠ ᠮᠠᠰᠢ ᠱᠠᠭᠠᠷᠳᠠᠭᠳᠠᠵᠤ ᠪᠠᠢᠨ᠎ᠠ ᠡ᠃ ᠣᠯᠠᠨ ᠤ ᠬᠦᠴᠦᠨ ᠳᠦ ᠣᠪᠣᠭ᠎ᠠ ᠬᠦᠳᠡᠯᠦᠨ᠎ᠡ᠃ ᠲᠠᠨ ᠤ ᠨᠢᠭᠡ ᠬᠦᠮᠦᠨ ᠦ ᠭᠠᠷ ᠤᠨ ᠦᠰᠦᠭ ᠨᠢ ᠪᠦᠬᠦᠢᠯᠡ ᠡᠮᠦᠨᠡᠲᠦ ᠮᠣᠩᠭᠣᠯᠴᠤᠳ ᠤᠨ ᠬᠣᠵᠢᠮ ᠦᠨ ᠬᠤᠪᠢ ᠵᠠᠶᠠᠭ᠎ᠠ ᠶᠢ ᠲᠣᠭᠲᠠᠭᠠᠬᠤ ᠮᠠᠰᠢ ᠴᠢᠬᠤᠯᠠ ᠤᠳᠬ᠎ᠠ ᠠᠭᠤᠯᠭ᠎ᠠ ᠲᠠᠢ ᠠᠵᠢᠯᠯᠠᠭ᠎ᠠ ᠪᠣᠯᠣᠨ᠎ᠠ ᠭᠡᠳᠡᠭ ᠢ ᠢᠲᠡᠭᠡᠷᠡᠢ᠃

ᠪᠢᠳᠡ ᠡᠨᠡ ᠬᠦ  ᠠᠵᠢᠯᠯᠠᠭ᠎ᠠ ᠪᠠᠨ ᠠᠽᠢᠶ᠎ᠠ ᠶᠢᠨ ᠠᠷᠠᠳᠴᠢᠯᠠᠭᠰᠠᠨ ᠣᠷᠣᠨ ᠨᠤᠭᠤᠳ ᠤᠨ ᠲᠡᠷᠢᠭᠦᠯᠡᠭᠴᠢ ᠤᠯᠤᠰ ᠪᠣᠯᠬᠤ ᠶᠠᠫᠣᠨ ᠤᠯᠤᠰ ᠠᠴᠠ ᠡᠬᠢᠯᠡᠭᠦᠯᠦᠶ᠎ᠡ᠃ ᠶᠠᠫᠣᠨ ᠨᠢ  ᠲᠤᠰ ᠵᠢᠯ<< ᠶᠡᠬᠡ 7 ᠤᠯᠤᠰ>>ᠢ ᠳᠠᠷᠤᠭᠠᠯᠠᠵᠤ ᠪᠠᠶᠢᠬᠤ ᠶᠢᠨ ᠬᠤᠪᠢ ᠳᠤ ᠳᠡᠯᠡᠬᠡᠢ ᠶᠢᠨ ᠠᠷᠠᠳᠴᠢᠯᠠᠯ᠂ ᠬᠦᠮᠦᠨ ᠦ ᠡᠷᠬᠡ ᠶᠢᠨ ᠪᠠᠶᠢᠳᠠᠯ ᠢ ᠰᠠᠶᠢᠵᠢᠷᠠᠭᠤᠯᠬᠤ ᠳᠤ ᠠᠬᠢᠭᠤᠯᠬᠤ ᠦᠢᠯᠡᠳᠦᠯ ᠦᠵᠡᠭᠦᠯᠬᠦ ᠶᠢᠨ ᠲᠥᠯᠥᠭᠡᠬᠢ ᠳ᠋ᠢᠫᠯᠣᠮᠠᠲ ᠪᠠᠶᠢᠷᠢ ᠰᠠᠭᠤᠷᠢᠨ ᠠᠴᠠ ᠬᠢᠲᠠᠳ ᠤᠨ ᠵᠠᠰᠠᠭ ᠤᠨ ᠭᠠᠵᠠᠷ ᠲᠤ ᠬᠣᠷᠢᠭ ᠠᠷᠭ᠎ᠠ ᠬᠡᠮᠵᠢᠶ᠎ᠡ ᠠᠪᠬᠤᠯᠭᠤᠬᠤ ᠪᠠᠷ ᠤᠷᠢᠶᠠᠯᠠᠶ᠎ᠠ᠃

ᠡᠬᠡ ᠬᠡᠯᠡ ᠪᠡᠨ ᠬᠠᠮᠠᠭᠠᠯᠠᠬᠤ ᠬᠥᠳᠡᠯᠭᠡᠭᠡᠨ ᠢ ᠵᠣᠬᠢᠶᠠᠨ ᠪᠠᠢᠭᠤᠯᠬᠤ ᠵᠦᠪᠯᠡᠯ

ᠡᠬᠡ  ᠬᠡᠯᠡ ᠪᠡᠨ  ᠠᠪᠤᠷᠠᠨ ᠬᠠᠮᠠᠭᠠᠯᠠᠬᠤ ᠶᠢᠨ ᠲᠥᠯᠥᠭᠡᠬᠢ ᠭᠠᠷ ᠤᠨ ᠦᠰᠦᠭ ᠵᠢᠷᠤᠬᠤ ᠠᠵᠢᠯᠯᠠᠭᠠᠨ ᠳᠤ ᠤᠷᠢᠶᠠᠯᠠᠬᠤ ᠨᠢ

 ᠭᠠᠷ ᠤᠨ ᠦᠰᠦᠭ ᠢᠶᠡᠨ ᠴᠤᠭᠯᠠᠭᠤᠯᠵᠤ᠂ ᠶᠠᠫᠣᠨ ᠤᠯᠤᠰ ᠤᠨ ᠲᠡᠷᠢᠭᠦᠨ ᠰᠠᠢᠳ ᠺᠢᠰᠢᠳᠠ ᠹᠦᠮᠢᠡᠣ᠋ ᠳᠤ ᠳᠡᠪᠰᠢᠭᠦᠯᠬᠦ ᠭᠡᠵᠦ ᠪᠣᠢ

ᠭᠠᠷ ᠤᠨ ᠦᠰᠦᠭ ᠢᠶᠡᠨ ᠳᠠᠷᠠᠭᠠᠬᠢ ᠬᠠᠶ᠋ᠢᠭ ᠢᠶᠠᠷ ᠣᠷᠣᠨ ᠵᠢᠭᠠᠭᠰᠠᠨ ᠶᠣᠰᠣᠭᠠᠷ ᠨᠢ ᠪᠢᠴᠢᠭᠡᠷᠡᠢ᠃

ᠲᠠᠨ ᠤ ᠨᠢᠭᠡ ᠬᠦᠮᠦᠨ ᠦ ᠭᠠᠷ ᠤᠨ ᠦᠰᠦᠭ ᠨᠢ ᠪᠦᠬᠦᠢᠯᠡ ᠡᠮᠦᠨᠡᠲᠦ ᠮᠣᠩᠭᠣᠯᠴᠤᠳ ᠤᠨ ᠬᠣᠵᠢᠮ ᠦᠨ ᠬᠤᠪᠢ ᠵᠠᠶᠠᠭ᠎ᠠ ᠶᠢ ᠲᠣᠭᠲᠠᠭᠠᠬᠤ ᠮᠠᠰᠢ ᠴᠢᠬᠤᠯᠠ ᠤᠳᠬ᠎ᠠ ᠠᠭᠤᠯᠭ᠎ᠠ ᠲᠠᠢ ᠠᠵᠢᠯᠯᠠᠭ᠎ᠠ ᠪᠣᠯᠣᠨ᠎ᠠ ᠭᠡᠳᠡᠭ ᠢ ᠢᠲᠡᠭᠡᠷᠡᠢ᠃

ᠥᠪᠥᠷ ᠮᠣᠩᠭᠣᠯ ᠳ᠋ᠤ᠌ ᠡᠬᠡ ᠬᠡᠯᠡ ᠮᠣᠩᠭᠣᠯ ᠬᠡᠯᠡ ᠶ᠋ᠢ ᠪᠦᠬᠦ ᠰᠤᠷᠭᠠᠭᠤᠯᠢ ᠵᠢᠨ ᠪᠣᠯᠪᠠᠰᠤᠷᠠᠯ ᠳ᠋ᠤ᠌ ᠬᠠᠯᠠᠵᠤ᠂ ᠬᠢᠲᠠᠳ ᠬᠡᠯᠡ ᠪᠡᠷ ᠰᠤᠷᠭᠠᠬᠤ ᠭᠡᠵᠦ ᠪᠠᠶ᠋ᠢᠨ᠎ᠠ᠃ ᠡᠭᠦᠨ ᠊ᠢ ᠡᠰᠡᠷᠭᠦᠴᠡᠬᠦ ᠂ ᠶᠠᠫᠣᠨ ᠊ᠤ ᠵᠠᠰᠠᠭ ᠊ᠤᠨ ᠭᠠᠵᠠᠷ ᠲᠤ᠌ ᠡᠷᠭᠦᠬᠦ ᠭᠠᠷ ᠊ᠤᠨ ᠦᠰᠦᠭ ᠵᠢᠷᠤᠬᠤ ᠠᠵᠢᠯᠯᠠᠭᠠᠨ ᠊ᠤ ᠤᠷᠢᠶᠠᠯᠠᠯ ᠳ᠋ᠤ᠌ ᠬᠠᠮᠲᠤᠷᠠᠨ ᠣᠷᠣᠯᠴᠠᠬᠤ ᠶ᠋ᠢ ᠬᠦᠰᠡᠵᠦ ᠪᠠᠶ᠋ᠢᠨ᠎ᠠ᠃ ᠭᠠᠷ ᠊ᠤᠨ ᠦᠰᠦᠭ ᠡᠷᠭᠦᠭ᠍ᠰᠡᠨ ᠬᠥᠮᠦᠰ ᠊ᠦᠨ ᠬᠤᠪᠢ ᠵᠢᠨ ᠮᠡᠲᠡᠭᠡᠯᠡᠯ ᠊ᠢ ᠴᠢᠩᠲᠠᠯᠠᠨ ᠬᠠᠮᠠᠭᠠᠯᠠᠨ᠎ᠠ᠃

キャンペーン · 日本政府と国際社会に対し、南モンゴル(内モンゴル自治区)における母語教育の廃止に対する抗議と、中国政府へのさらなる制裁を呼びかける署名 · Change.org

info@southmongolia.org