《ᠮᠢᠨᠦ ᠮᠡᠳᠡᠬᠦ ᠡᠮᠦᠨᠡᠲᠦ ᠮᠣᠩᠭᠣᠯ》 ᠮᠣᠩᠭᠣᠯ ᠪᠢᠴᠢᠭ ᠦᠨ ᠡᠸᠰᠰᠸ ᠪᠢᠴᠢᠯᠭᠡ ᠶᠢᠨ ᠤᠷᠤᠯᠳᠤᠭᠠᠨ ᠤ ᠱᠠᠩᠨᠠᠯ ᠭᠠᠷᠳᠠᠭᠤᠯᠬᠤ ᠶᠣᠰᠣᠯᠠᠯ ᠪᠣᠯᠪᠠ
【5.11 ᠤᠯᠠᠭᠠᠨᠪᠠᠭᠠᠲᠤᠷ】《ᠮᠢᠨᠦ ᠮᠡᠳᠡᠬᠦ ᠡᠮᠦᠨᠡᠲᠦ ᠮᠣᠩᠭᠣᠯ》 ᠮᠣᠩᠭᠣᠯ ᠪᠢᠴᠢᠭ ᠦᠨ ᠡᠸᠰᠰᠸ ᠪᠢᠴᠢᠯᠭᠡ ᠶᠢᠨ ᠤᠷᠤᠯᠳᠤᠭᠠᠨ ᠤ ᠱᠠᠩᠨᠠᠯ ᠭᠠᠷᠳᠠᠭᠤᠯᠬᠤ ᠦᠢᠯᠡ ᠠᠵᠢᠯᠯᠠᠭ᠎ᠠ ᠶᠢ 05.11 ᠤ 《 ᠡᠮᠦᠨᠡᠲᠦ ᠮᠣᠩᠭᠣᠯ ᠢ ᠳᠡᠮᠵᠢᠬᠦ ᠡᠳᠦᠷ》 ᠢ ᠲᠣᠬᠢᠶᠠᠯᠳᠤᠭᠤᠯᠤᠨ ᠵᠣᠬᠢᠶᠠᠨ ᠪᠠᠢᠭᠤᠯᠤᠭᠳᠠᠭᠰᠠᠨ ᠪᠠᠢᠯ᠎ᠠ᠃ ᠨᠡᠶᠢᠲᠡ 21 ᠠᠶᠢᠮᠠᠭ ᠠᠴᠠ 181 ᠣᠶᠤᠲᠠᠨ᠂ ᠰᠤᠷᠤᠭᠴᠢ ᠣᠷᠣᠯᠴᠠᠵᠤ 18 ᠣᠷᠣᠯᠴᠠᠭᠴᠢ ᠱᠠᠩᠨᠠᠯᠲᠤ ᠪᠠᠶᠢᠷᠢᠨ ᠳᠤ ᠰᠢᠯᠭᠠᠷᠠᠯ᠎ᠠ᠃
ᠡᠮᠦᠨᠡᠲᠦ ᠮᠣᠩᠭᠣᠯ ᠤᠨ ᠶᠡᠬᠡ ᠬᠤᠷᠠᠯᠳᠠᠢ ᠪᠣᠯᠣᠨ ᠳᠡᠯᠡᠬᠡᠢ ᠶᠢᠨ ᠮᠣᠩᠭᠣᠯᠴᠤᠳ ᠤᠨ ᠬᠣᠯᠪᠤᠭ᠎ᠠ ᠬᠠᠮᠲᠤᠷᠠᠨ ᠬᠣᠶᠠᠳᠠᠬᠢ ᠤᠳᠠᠭ᠎ᠠ ᠪᠠᠨ ᠵᠣᠬᠢᠶᠠᠨ ᠪᠠᠢᠭᠤᠯᠵᠤ ᠡᠷᠬᠢᠯᠡᠨ ᠶᠠᠪᠤᠭᠳᠠᠭᠤᠯᠵᠤ ᠪᠠᠢᠭ᠎ᠠ ᠶᠤᠮ ᠪᠠᠢᠨ᠎ᠠ᠃ ᠲᠤᠰ ᠠᠷᠭ᠎ᠠ ᠬᠡᠮᠵᠢᠶ᠎ᠡ ᠨᠢ ᠣᠯᠠᠨ ᠤᠯᠤᠰ ᠤᠨ ᠡᠬᠡ ᠬᠡᠯᠡᠨ ᠦ ᠡᠳᠦᠷ ᠪᠣᠯᠬᠣ2 ᠳ᠋ᠤᠭᠠᠷ ᠰᠠᠷ᠎ᠠ ᠶᠢᠨ21 ᠦ ᠡᠳᠦᠷ ᠤᠷᠤᠯᠳᠤᠭᠠᠨ ᠢᠶᠠᠨ ᠵᠠᠷᠯᠠᠵᠤ᠂4 ᠳ᠋ᠦ᠋ᠭᠡᠷ ᠰᠠᠷ᠎ᠠ ᠶᠢᠨ30 ᠪᠣᠯᠲᠠᠯ᠎ᠠ ᠪᠦᠲᠦᠭᠡᠯ ᠢᠶᠡᠨ ᠬᠦᠯᠢᠶᠡᠨ ᠠᠪᠴᠤ᠂5 ᠳ᠋ᠤᠭᠠᠷ ᠰᠠᠷ᠎ᠠ ᠶᠢᠨ8 ᠪᠣᠯᠲᠠᠯ᠎ᠠ ᠪᠦᠲᠦᠭᠡᠯ ᠢᠶᠠᠨ ᠰᠢᠯᠭᠠᠷᠠᠭᠤᠯᠤᠨ᠂《 ᠡᠮᠦᠨᠡᠲᠦ ᠮᠣᠩᠭᠣᠯ ᠢ ᠳᠡᠮᠵᠢᠬᠦ ᠡᠳᠦᠷ》 ᠪᠣᠯᠬᠤ 5 ᠳ᠋ᠤᠭᠠᠷ ᠰᠠᠷ᠎ᠠ ᠶᠢᠨ11 ᠦ ᠡᠳᠦᠷ᠂ ᠱᠠᠩᠨᠠᠯ ᠭᠠᠷᠳᠠᠭᠤᠯᠬᠤ ᠠᠷᠭ᠎ᠠ ᠬᠡᠮᠵᠢᠶ᠎ᠡ ᠪᠡᠨ ᠵᠣᠬᠢᠶᠠᠨ ᠪᠠᠢᠭᠤᠯᠤᠭᠰᠠᠨ ᠪᠠᠢᠭ᠎ᠠ ᠠᠵᠠᠢ᠃
ᠤᠷᠤᠯᠳᠤᠭᠠᠨ ᠳᠤ ᠣᠷᠣᠯᠴᠠᠭᠰᠠᠨ ᠪᠦᠬᠦ ᠰᠤᠷᠤᠭᠴᠢᠳ ᠪᠣᠯᠤᠨ ᠣᠶᠤᠲᠠᠨ ᠨᠤᠭᠤᠳ ᠢᠶᠠᠷ ᠢᠶᠠᠨ ᠪᠠᠬᠠᠷᠬᠠᠵᠤ ᠪᠠᠢᠨ᠎ᠠ᠃ ᠮᠦᠨ ᠵᠣᠬᠢᠶᠠᠨ ᠪᠠᠶᠢᠭᠤᠯᠬᠤ ᠠᠷᠭ᠎ᠠ ᠬᠡᠮᠵᠢᠶᠡᠨ ᠳᠦ ᠢᠳᠡᠪᠬᠢᠯᠡᠭᠰᠡᠨ ᠪᠦᠬᠦ ᠬᠦᠮᠦᠰ ᠲᠦ ᠪᠡᠨ ᠪᠠᠶᠠᠷᠯᠠᠯ᠎ᠠ᠃
ᠮᠣᠩᠭᠣᠯ ᠥᠪ ᠰᠤᠶᠤᠯ ᠦᠰᠦᠭ ᠪᠢᠴᠢᠭ ᠮᠥᠩᠬᠡ ᠣᠷᠣᠰᠢᠭ!