ᠡᠬᠡ  ᠬᠡᠯᠡ ᠪᠡᠨ  ᠠᠪᠤᠷᠠᠨ ᠬᠠᠮᠠᠭᠠᠯᠠᠬᠤ ᠶᠢᠨ ᠲᠥᠯᠥᠭᠡᠬᠢ ᠭᠠᠷ ᠤᠨ ᠦᠰᠦᠭ ᠵᠢᠷᠤᠬᠤ ᠠᠵᠢᠯᠯᠠᠭᠠᠨ ᠳᠤ ᠤᠷᠢᠶᠠᠯᠠᠬᠤ ᠨᠢ

ᠡᠮᠦᠨᠡᠲᠦ  ᠮᠣᠩᠭᠣᠯ (ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ) ᠳᠦ ᠶᠢᠰᠦᠳᠦᠭᠡᠷ ᠰᠠᠷ᠎ᠠ ᠠᠴᠠ  ᠨᠢᠭᠡᠨᠲᠡ ᠮᠣᠩᠭᠣᠯ ᠬᠡᠯᠡ ᠪᠡᠷ ᠬᠢᠴᠢᠶᠡᠯᠯᠡᠳᠡᠭ ᠪᠦᠬᠦ ᠰᠤᠷᠭᠠᠭᠤᠯᠢ ᠳᠤ ᠮᠣᠩᠭᠣᠯ  ᠬᠡᠯᠡ ᠪᠡᠷ ᠬᠢᠴᠢᠶᠡᠯᠯᠡᠳᠡᠭ ᠢ ᠨᠢ ᠵᠣᠭᠰᠣᠭᠠᠨ᠂ ᠣᠷᠣᠨ ᠳᠤ ᠨᠢ ᠬᠢᠲᠠᠳ ᠬᠡᠯᠡ ᠪᠡᠷ ᠬᠢᠴᠢᠶᠡᠯᠯᠡᠬᠦ  ᠪᠣᠯᠣᠭᠰᠠᠨ ᠪᠠᠶᠢᠨ᠎ᠠ᠃

ᠬᠢᠲᠠᠳ ᠤᠨ ᠵᠠᠰᠠᠭ ᠤᠨ ᠡᠨᠡ ᠬᠦ ᠪᠣᠳᠣᠯᠭ᠎ᠠ ᠶᠢ ᠡᠰᠡᠷᠭᠦᠴᠡᠵᠦ᠂  ᠦᠨᠥ ᠵᠢᠯ ᠦᠨ4  ᠳ᠋ᠦ᠋ᠭᠡᠷ ᠰᠠᠷ᠎ᠠ  ᠶᠢᠨ16 ᠡᠴᠡ ᠡᠬᠢᠯᠡᠨ᠂ ᠬᠢᠯᠢ ᠶᠢᠨ ᠭᠠᠳᠠᠨᠠᠬᠢ ᠬᠠᠯᠠᠭᠤᠨ ᠰᠡᠳᠬᠢᠯᠲᠦ ᠮᠣᠩᠭᠣᠯᠴᠣᠳ<<ᠡᠬᠡ ᠬᠡᠯᠡ ᠪᠡᠨ ᠬᠠᠮᠠᠭᠠᠯᠠᠬᠤ ᠬᠥᠳᠡᠯᠭᠡᠭᠡᠨ ᠢ ᠵᠣᠬᠢᠶᠠᠨ ᠪᠠᠢᠭᠤᠯᠬᠤ ᠵᠦᠪᠯᠡᠯ>> ᠪᠠᠢᠭᠤᠯᠤᠨ᠂ ᠭᠠᠷ ᠤᠨ ᠦᠰᠦᠭ ᠴᠤᠭᠯᠠᠭᠤᠯᠬᠤ ᠬᠦᠳᠡᠯᠭᠡᠭᠡᠨ ᠦᠷᠨᠢᠭᠦᠯᠦᠨ ᠶᠠᠪᠤᠭᠳᠠᠭᠤᠯᠵᠤ ᠪᠠᠢᠨ᠎ᠠ᠃

 ᠭᠣᠣᠯ ᠵᠣᠷᠢᠯᠭ᠎ᠠ ᠨᠢ᠂ ᠬᠢᠲᠠᠳ ᠤᠨ ᠵᠠᠰᠠᠭ ᠤᠨ ᠭᠠᠵᠠᠷ ᠠᠴᠠ ᠡᠮᠦᠨᠡᠲᠦ ᠮᠣᠩᠭᠣᠯ ᠳᠤ ᠶᠠᠪᠤᠭᠳᠠᠭᠤᠯᠵᠤ ᠪᠤᠢ ᠮᠣᠩᠭᠣᠯ ᠬᠡᠦᠬᠡᠳ ᠦᠨ ᠡᠬᠡ ᠬᠡᠯᠡ ᠪᠡᠷ ᠢᠶᠡᠨ ᠰᠤᠷᠬᠤ ᠡᠷᠬᠡ ᠶᠢ ᠤᠤᠯᠭᠠᠯᠠᠵᠤ ᠪᠠᠢᠭ᠎ᠠ ᠬᠦᠮᠦᠨ ᠦ ᠡᠷᠬᠡ ᠶᠢ ᠤᠯᠠ ᠳᠣᠣᠷ᠎ᠠ ᠪᠠᠨ ᠬᠢᠰᠬᠢᠭ᠍ᠰᠡᠨ ᠠᠵᠢᠯᠯᠠᠭ᠎ᠠ ᠶᠢ ᠢᠯᠡᠴᠢᠯᠡᠨ ᠲᠠᠨᠢᠭᠤᠯᠬᠤ ᠠᠰᠠᠭᠤᠳᠠᠯ ᠪᠣᠯᠣᠨ᠎ᠠ᠃ ᠡᠭᠦᠨ ᠳᠦ ᠶᠠᠫᠣᠨ ᠤᠯᠤᠰ ᠨᠢ ᠲᠤᠰ ᠵᠢᠯ<<  ᠶᠡᠬᠡ 7 ᠤᠯᠤᠰ>> ᠢ ᠳᠠᠷᠤᠭᠠᠯᠠᠵᠤ ᠪᠠᠶᠢᠬᠤ ᠶᠢᠨ ᠬᠤᠪᠢ ᠳᠤ ᠳᠡᠯᠡᠬᠡᠢ ᠶᠢᠨ ᠠᠷᠠᠳᠴᠢᠯᠠᠯ᠂ ᠬᠦᠮᠦᠨ ᠦ ᠡᠷᠬᠡ ᠶᠢᠨ ᠪᠠᠶᠢᠳᠠᠯ ᠢ ᠰᠠᠶᠢᠵᠢᠷᠠᠭᠤᠯᠬᠤ ᠳᠤ ᠠᠬᠢᠭᠤᠯᠬᠤ ᠦᠢᠯᠡᠳᠦᠯ ᠦᠵᠡᠭᠦᠯᠬᠦ ᠶᠢᠨ ᠲᠥᠯᠥᠭᠡᠬᠢ ᠳ᠋ᠢᠫᠯᠣᠮᠠᠲ ᠪᠠᠶᠢᠷᠢ ᠰᠠᠭᠤᠷᠢᠨ ᠠᠴᠠ ᠬᠢᠲᠠᠳ ᠤᠨ ᠵᠠᠰᠠᠭ ᠤᠨ ᠭᠠᠵᠠᠷ ᠲᠤ ᠬᠣᠷᠢᠭ ᠠᠷᠭ᠎ᠠ ᠬᠡᠮᠵᠢᠶ᠎ᠡ ᠠᠪᠬᠤᠯᠭᠤᠬᠤ ᠪᠠᠷ  ᠤᠷᠢᠶᠠᠯᠠᠨ᠂ ᠴᠤᠭᠯᠠᠭᠤᠯᠤᠭᠰᠠᠨ ᠭᠠᠷ ᠤᠨ ᠦᠰᠦᠭ ᠢᠶᠡᠨ ᠶᠠᠫᠣᠨ ᠤ ᠵᠠᠰᠠᠭ ᠤᠨ ᠭᠠᠵᠠᠷ ᠳᠦ ᠥᠭᠬᠦ ᠪᠣᠯᠣᠭᠰᠠᠨ ᠪᠠᠢᠨ᠎ᠠ᠃

ᠮᠠᠨ ᠤ ᠡᠮᠦᠨᠡᠲᠦ ᠮᠣᠩᠭᠣᠯ ᠤᠨ ᠶᠡᠬᠡ ᠬᠤᠷᠠᠯᠳᠠᠢ ᠴᠤ <<ᠡᠬᠡ ᠬᠡᠯᠡ ᠪᠡᠨ ᠬᠠᠮᠠᠭᠠᠯᠠᠬᠤ ᠬᠥᠳᠡᠯᠭᠡᠭᠡᠨ ᠢ ᠵᠣᠬᠢᠶᠠᠨ ᠪᠠᠢᠭᠤᠯᠬᠤ ᠵᠦᠪᠯᠡᠯ>> ᠦᠨ ᠦᠢᠯᠡ ᠠᠵᠢᠯᠯᠠᠭ᠎ᠠ ᠶᠢ ᠲᠠᠯᠠᠷᠬᠠᠨ ᠳᠡᠮᠵᠢᠵᠦ ᠂ ᠳᠡᠯᠡᠬᠡᠢ ᠳᠠᠶᠠᠭᠠᠷ ᠲᠠᠷᠬᠠᠨ ᠠᠮᠢᠳᠤᠷᠠᠵᠤ ᠪᠠᠢᠭ᠎ᠠ ᠡᠯᠢᠭᠡ ᠨᠢᠭᠡᠲᠡᠢ ᠮᠣᠩᠭᠣᠯᠴᠤᠳ ᠤᠨ ᠢᠶᠠᠨ ᠭᠠᠷ ᠤᠨ ᠦᠰᠦᠭ ᠵᠢᠷᠤᠬᠤ ᠶᠢ ᠤᠷᠢᠶᠠᠯᠠᠵᠤ ᠪᠠᠶᠢᠨ᠎ᠠ ᠃ ᠮᠦᠨ ᠰᠢᠳᠤᠷᠭᠤ ᠶᠣᠰᠣ ᠶᠢ ᠳᠡᠭᠡᠳᠦᠯᠡᠳᠡᠭ ᠬᠦᠮᠦᠨ ᠪᠦᠬᠦᠨ  ᠮᠠᠨ ᠤ ᠡᠬᠡ ᠬᠡᠯᠡᠨ ᠢᠶᠡᠨ ᠬᠠᠮᠠᠭᠠᠯᠠᠬᠤ ᠬᠦᠳᠡᠯᠭᠡᠭᠡᠨ ᠳᠦ ᠳᠡᠮᠵᠢᠨ ᠣᠷᠣᠯᠴᠠᠬᠤ ᠬᠦᠰᠡᠵᠦ ᠪᠠᠢᠨ᠎ᠠ᠃

ᠣᠯᠠᠨ ᠤ ᠬᠦᠴᠦᠨ ᠳᠦ ᠣᠪᠣᠭ᠎ᠠ ᠬᠦᠳᠡᠯᠦᠨ᠎ᠡ ᠭᠡᠳᠡᠭ᠂ ᠲᠠᠨ ᠤ ᠨᠢᠭᠡ ᠬᠦᠮᠦᠨ  ᠤ ᠵᠢᠷᠤᠭᠰᠠᠨ ᠭᠠᠷ ᠤᠨ ᠦᠰᠦᠭ ᠴᠢᠨᠢ ᠡᠮᠦᠨᠡᠲᠦ ᠮᠣᠩᠭᠣᠯᠴᠤᠳ ᠤᠨ ᠢᠷᠡᠭᠡᠳᠦᠢ ᠶᠢᠨ ᠬᠤᠪᠢ ᠵᠠᠶᠠᠭ᠎ᠠ ᠥᠭᠡᠷᠡᠴᠢᠯᠡᠬᠦ ᠴᠢᠬᠤᠯᠠ ᠨᠢᠭᠡᠨ ᠠᠯᠬᠤᠮ ᠪᠣᠯᠣᠨ᠎ᠠ ᠭᠡᠳᠡᠭ ᠢ ᠢᠲᠡᠭᠡᠷᠡᠢ᠂ ᠮᠣᠩᠭᠣᠯᠴᠣᠳ ᠡ᠃

ᠳᠠᠷᠠᠭᠠᠬᠢ ᠳᠠᠭᠠᠯᠳᠤᠭᠤᠯᠵᠤ ᠪᠠᠢᠭ᠎ᠠ ᠨᠢ<<ᠡᠬᠡ ᠬᠡᠯᠡ ᠪᠡᠨ ᠬᠠᠮᠠᠭᠠᠯᠠᠬᠤ ᠬᠥᠳᠡᠯᠭᠡᠭᠡᠨ ᠢ ᠵᠣᠬᠢᠶᠠᠨ ᠪᠠᠢᠭᠤᠯᠬᠤ ᠵᠦᠪᠯᠡᠯ>> ᠦᠨ ᠤᠷᠢᠶᠠᠯᠠᠭ᠎ᠠ ᠶᠢᠨ ᠪᠢᠴᠢᠭ ᠪᠣᠯᠣᠨ ᠶᠠᠫᠣᠨ ᠤ ᠵᠠᠰᠠᠭ ᠤᠨ ᠭᠠᠵᠠᠷ ᠤᠨ ᠲᠡᠷᠢᠭᠦᠨ ᠰᠠᠢᠳ ᠺᠢᠰᠢᠳᠠ ᠹᠦᠮᠢᠡᠤ᠋ ᠳᠤ ᠥᠭᠬᠦ ᠪᠢᠴᠢᠭ ᠪᠣᠯᠣᠨ᠎ᠠ᠃

————————————————————————————————————–

ᠡᠬᠡ  ᠬᠡᠯᠡ ᠪᠡᠨ  ᠠᠪᠤᠷᠠᠨ ᠬᠠᠮᠠᠭᠠᠯᠠᠬᠤ ᠶᠢᠨ ᠲᠥᠯᠥᠭᠡᠬᠢ ᠭᠠᠷ ᠤᠨ ᠦᠰᠦᠭ ᠵᠢᠷᠤᠬᠤ ᠠᠵᠢᠯᠯᠠᠭᠠᠨ ᠳᠤ ᠤᠷᠢᠶᠠᠯᠠᠬᠤ ᠨᠢ

ᠦᠷᠭᠡᠨ ᠣᠯᠠᠨ ᠮᠣᠩᠭᠣᠯᠴᠤᠳ ᠡ

ᠪᠦᠭᠦᠳᠡ ᠨᠠᠢᠷᠠᠮᠳᠠᠬᠤ ᠬᠢᠲᠠᠳ ᠠᠷᠠᠳ ᠤᠯᠤᠰ ᠨᠢ 2020 ᠣᠨ ᠤ 9 ᠳ᠋ᠦ᠋ᠭᠡᠷ ᠰᠠᠷ᠎ᠠ ᠶᠢᠨ ᠰᠢᠨ᠎ᠡ ᠰᠤᠷᠤᠯᠭ᠎ᠠ ᠶᠢᠨ ᠬᠤᠭᠤᠴᠠᠭᠠᠨ ᠠᠴᠠ ᠡᠬᠢᠯᠡᠨ᠂ ᠡᠮᠦᠨᠡᠲᠦ ᠮᠣᠩᠭᠣᠯ (ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ) ᠦᠨ ᠮᠣᠩᠭᠣᠯ ᠢᠶᠠᠷ ᠬᠢᠴᠢᠶᠡᠯᠯᠡᠬᠦ ᠪᠠᠭ᠎ᠠ ᠳᠤᠮᠳᠠ ᠰᠤᠷᠭᠠᠭᠤᠯᠢ ᠶᠢᠨ ᠬᠡᠯᠡ᠂ ᠲᠡᠦᠬᠡ᠂ ᠤᠯᠤᠰ ᠲᠥᠷᠥ ᠵᠡᠷᠭᠡ ᠶᠢᠨ ᠭᠣᠣᠯ ᠪᠣᠯᠬᠣ ᠬᠢᠴᠢᠶᠡᠯ ᠲᠦᠷᠦᠯ᠎ ᠢ ᠬᠢᠲᠠᠳ ᠢᠶᠠᠷ  ᠵᠢᠭᠠᠬᠤ ᠪᠣᠯᠭᠠᠭᠰᠠᠨ ᠨᠢ ᠲᠠ ᠪᠢᠳᠡᠨ ᠦ ᠣᠢ ᠲᠣᠢᠨ ᠠᠴᠠ ᠬᠠᠷᠠᠬᠠᠨ ᠠᠷᠴᠢᠭᠳᠠᠭ᠎ᠠ ᠦᠭᠡᠢ ᠪᠢᠵᠡ ᠡ᠃ ᠮᠣᠩᠭᠣᠯᠴᠣᠳ ᠢ ᠬᠠᠢᠯᠠᠭᠤᠯᠤᠨ ᠤᠰᠠᠳᠬᠠᠬᠤ ᠵᠣᠷᠢᠯᠭ᠎ᠠ ᠪᠠᠨ ᠨᠢᠭᠤᠨ ᠳᠠᠯᠳᠠᠯᠠᠬᠤ ᠪᠠᠨ ᠴᠤ ᠪᠣᠯᠢᠭᠰᠠᠨ ᠬᠢᠲᠠᠳ ᠤᠨ ᠵᠠᠰᠠᠭ ᠪᠣᠶᠣ ᠺᠣᠮᠮᠦᠨᠢᠰᠲ ᠨᠠᠮ ᠤ ᠪᠣᠰᠣᠷᠮᠠᠭ ᠦᠢᠯᠡᠳᠦᠯ ᠨᠢ ᠡᠭᠦᠪᠡᠷ ᠵᠣᠭᠰᠤᠬᠤ ᠶᠠᠭᠤᠮ᠎ᠠ ᠪᠢᠰᠢ ᠭᠡᠳᠡᠭ ᠢ ᠮᠣᠩᠭᠣᠯᠴᠣᠳ ᠪᠢᠳᠡᠨ ᠢ ᠴᠣᠴᠢᠷᠳᠠᠭᠤᠯᠤᠭᠰᠠᠨ ᠰᠡᠭᠦᠯ ᠦᠨ ᠦᠶ᠎ᠡ ᠶᠢᠨ ᠮᠡᠳᠡᠭᠡ ᠨᠦᠭᠥᠳ ᠬᠠᠷᠠᠭᠤᠯᠵᠤ ᠪᠠᠢᠨ᠎ᠠ᠃ ᠲᠤᠬᠠᠢᠯᠠᠪᠠᠯ᠂ ᠥᠨᠥ ᠵᠢᠯ ᠦᠨ5 ᠳ᠋ᠤᠭᠠᠷ ᠰᠠᠷ᠎ᠠ ᠶᠢᠨ1 ᠡᠴᠡ ᠡᠬᠢᠯᠡᠨ᠂ ᠥᠪᠥᠷ ᠮᠣᠩᠭᠣᠯ ᠳᠠᠬᠢ ᠬᠡᠰᠡᠭ ᠮᠣᠩᠭᠣᠯ ᠰᠤᠷᠭᠠᠭᠤᠯᠢ ᠳᠤ ᠪᠦᠬᠦ ᠲᠦᠷᠦᠯ᠎ ᠤᠨ ᠬᠢᠴᠢᠶᠡᠯ ᠢ ᠬᠢᠲᠠᠳ ᠢᠶᠠᠷ ᠵᠢᠭᠠᠵᠤ ᠡᠬᠢᠯᠡᠬᠦ ᠪᠦᠭᠡᠳ ᠡᠭᠦᠨ ᠢᠶᠡᠨ 9 ᠳ᠋ᠦ᠋ᠭᠡᠷ ᠰᠠᠷ᠎ᠠ ᠶᠢᠨ1 ᠡᠴᠡ ᠡᠬᠢᠯᠡᠨ ᠪᠦᠬᠦ ᠣᠷᠣᠨ ᠤ ᠮᠣᠩᠭᠣᠯ ᠰᠤᠷᠭᠠᠭᠤᠯᠢ ᠳᠤ ᠬᠡᠷᠡᠭᠵᠢᠭᠦᠯᠵᠦ ᠡᠬᠢᠯᠡᠬᠦ ᠭᠡᠵᠦ ᠪᠠᠢᠨ᠎ᠠ᠃ ᠴᠣᠷ ᠤᠨ ᠭᠠᠭᠴᠠ ᠦᠯᠡᠳᠡᠭᠰᠡᠨ ᠮᠣᠩᠭᠣᠯ ᠬᠡᠯᠡ ᠨᠢ ᠴᠤ ᠭᠠᠷᠠᠭ ᠤᠨ7 ᠴᠠᠭ ᠠᠴᠠ ᠪᠠᠨ1 ᠴᠠᠭ ᠪᠣᠯᠣᠨ ᠪᠠᠭᠠᠰᠬᠤ ᠭᠡᠵᠦ ᠪᠣᠢ᠃

ᠮᠣᠩᠭᠣᠯ ᠦᠨᠳᠦᠰᠦᠲᠡᠨ ᠦ ᠬᠡᠦᠬᠡᠳ ᠪᠠᠭᠠᠴᠤᠳ ᠤᠨ ᠡᠬᠡ ᠬᠡᠯᠡ ᠪᠡᠷ ᠢᠶᠡᠨ ᠬᠦᠮᠦᠵᠢᠯ ᠬᠦᠷᠲᠡᠬᠦ ᠡᠷᠬᠡ ᠶᠢ ᠤᠤᠯᠭᠠᠯᠠᠨ ᠪᠣᠯᠢᠶᠠᠵᠤ ᠪᠠᠢᠭ᠎ᠠ ᠪᠦᠭᠦᠳᠡ ᠨᠠᠢᠷᠠᠮᠳᠠᠬᠤ ᠬᠢᠲᠠᠳ ᠠᠷᠠᠳ ᠤᠯᠤᠰ ᠤᠨ ᠪᠠᠯᠠᠮᠠᠳ ᠦᠢᠯᠡᠳᠦᠯ ᠨᠢ ᠥᠪᠡᠷ ᠦᠨ ᠤᠯᠤᠰ ᠤᠨ ᠦᠨᠳᠦᠰᠦᠨ ᠬᠠᠤᠯᠢ ᠪᠠᠨ ᠵᠦᠷᠢᠴᠡᠵᠦ ᠪᠠᠢᠬᠤ ᠪᠠᠷ ᠦᠯᠦ ᠪᠠᠷᠠᠨ ᠣᠯᠠᠨ ᠤᠯᠤᠰ ᠤᠨ ᠬᠠᠮᠢᠶ᠎ᠠ ᠪᠦᠬᠦᠢ ᠬᠠᠤᠯᠢ ᠳᠦᠷᠢᠮ᠂ ᠭᠡᠷ᠎ᠡ ᠲᠣᠭᠲᠠᠭᠠᠯ ᠵᠡᠷᠭᠡ ᠶᠢ ᠴᠤ ᠵᠦᠷᠢᠴᠡᠵᠦ ᠪᠠᠢᠭ᠎ᠠ ᠬᠠᠤᠯᠢ ᠪᠣᠰᠣ ᠠᠵᠢᠯᠯᠠᠭ᠎ᠠ ᠪᠣᠯᠬᠤ ᠶᠤᠮ᠃  ᠬᠡᠦᠬᠡᠳ ᠪᠠᠭᠠᠴᠤᠳ ᠪᠣᠯ ᠦᠪᠡᠷ ᠦᠨ ᠦᠨᠳᠦᠰᠦᠲᠡᠨ ᠦ ᠡᠬᠡ ᠬᠡᠯᠡ ᠪᠡᠷ ᠢᠶᠡᠨ ᠪᠣᠯᠪᠠᠰᠤᠷᠠᠯ ᠬᠦᠷᠲᠡᠬᠦ ᠡᠷᠬᠡ ᠲᠡᠢ ᠭᠡᠳᠡᠭ ᠨᠢ ᠨᠢᠭᠡᠲᠦᠭᠰᠡᠨ ᠦᠨᠳᠦᠰᠦᠲᠡᠨ ᠦ ᠪᠠᠢᠭᠤᠯᠤᠯᠭ᠎ᠠ ᠪᠣᠯᠣᠨ ᠣᠯᠠᠨ ᠤᠯᠤᠰ ᠤᠨ ᠬᠠᠮᠲᠤ ᠶᠢᠨ ᠪᠠᠢᠭᠤᠯᠤᠯᠭ᠎ᠠ ᠨᠤᠭᠤᠳ ᠤᠨ ᠬᠠᠮᠢᠶ᠎ᠠ ᠪᠦᠬᠦᠢ ᠳᠦᠷᠢᠮ ᠵᠢᠭᠠᠯᠲᠠ ᠳᠤ ᠴᠤ ᠲᠣᠳᠣᠷᠬᠠᠢ ᠪᠢᠴᠢᠭᠳᠡᠵᠦ ᠪᠤᠢ᠃ ᠮᠣᠩᠭᠣᠯ ᠬᠡᠦᠬᠡᠳ ᠢ ᠬᠦᠴᠦ ᠪᠡᠷ ᠡᠬᠡ ᠬᠡᠯᠡᠨ ᠦ ᠬᠦᠮᠦᠵᠢᠯ ᠢ ᠨᠢ ᠪᠣᠯᠢᠭᠤᠯᠬᠤ ᠠᠵᠢᠯᠯᠠᠭ᠎ᠠ ᠪᠣᠯ ᠰᠣᠶᠣᠯ ᠤᠨ ᠬᠢᠲᠤᠯᠭ᠎ᠠ ᠪᠣᠯᠣᠨ᠎ᠠ᠃ ᠮᠠᠨ ᠤ ᠦᠨᠳᠦᠰᠦᠲᠡᠨ ᠦ ᠰᠣᠶᠣᠯ ᠤᠯᠠᠮᠵᠢᠯᠠᠯ ᠪᠣᠯᠣᠨ ᠣᠶᠣᠨ ᠰᠦᠨᠡᠰᠦᠨ ᠳᠤ ᠶᠠᠪᠤᠭᠤᠯᠵᠤ ᠪᠣᠢ ᠬᠣᠮᠣᠷᠭᠠᠯᠠᠨ ᠤᠰᠠᠳᠬᠠᠯᠲᠠ ᠪᠣᠯᠬᠤ ᠶᠤᠮ᠃

2020ᠣᠨ ᠳᠤ᠂ ᠬᠢᠲᠠᠳ ᠤᠨ ᠡᠨᠡ ᠬᠦ ᠪᠣᠳᠣᠯᠭ᠎ᠠ ᠳᠤ ᠳᠤᠷ᠎ᠠ ᠦᠭᠡᠢᠯᠡᠨ ᠰᠠᠨᠠᠯ ᠭᠠᠷᠭᠠᠭᠰᠠᠳ᠂ ᠡᠷᠭᠦᠳᠡᠯ ᠳᠡᠪᠰᠢᠭᠦᠯᠦᠭᠰᠡᠨ ᠣᠯᠠᠨ ᠣᠯᠠᠨ ᠭᠡᠷ ᠦᠨ ᠠᠬᠠᠮᠠᠳ᠂ ᠪᠠᠭᠰᠢ ᠠᠵᠢᠯᠲᠠᠳ᠂ ᠠᠯᠪᠠᠲᠠᠳ ᠤᠨ ᠬᠦᠳᠡᠯᠭᠡᠭᠡᠨ ᠢ ᠬᠦᠴᠦ ᠪᠡᠷ ᠳᠠᠷᠤᠩᠭᠤᠢᠯᠠᠭᠰᠠᠨ ᠨᠢ ᠬᠢᠲᠠᠳ ᠤᠨ ᠵᠠᠰᠠᠭ ᠨᠢ ᠮᠣᠩᠭᠣᠯᠴᠤᠳ ᠪᠢᠳᠡᠨ ᠦ ᠶᠠᠮᠠᠷ ᠴᠤ ᠬᠦᠰᠡᠯ ᠰᠠᠨᠠᠯ ᠢ ᠬᠦᠯᠢᠶᠡᠨ ᠠᠪᠬᠤ ᠦᠭᠡᠢ ᠭᠡᠳᠡᠭ ᠢ ᠬᠠᠷᠠᠭᠤᠯᠵᠤ ᠪᠠᠢᠭ᠎ᠠ ᠬᠡᠷᠡᠭ ᠪᠢᠯᠡ᠃

ᠡᠢᠮᠦ ᠶᠢᠨ ᠲᠤᠯᠠᠲᠠ᠂ ᠳᠠᠶᠠᠩ ᠳᠡᠯᠡᠬᠡᠢ ᠶᠢᠨ ᠦᠨᠴᠦᠭ ᠪᠣᠯᠣᠩ ᠦᠭᠡᠢ ᠲᠠᠷᠬᠠᠨ ᠰᠠᠭᠤᠷᠢᠰᠢᠵᠤ ᠪᠠᠢᠭ᠎ᠠ ᠦᠷᠭᠡᠨ ᠣᠯᠠᠨ᠎ ᠮᠣᠩᠭᠣᠯ ᠠᠬᠠᠨ ᠳᠡᠭᠦᠦᠰ ᠂ ᠡᠭᠡᠴᠢ ᠳᠡᠭᠦᠦᠨᠡᠷ᠂ ᠵᠢᠴᠢ ᠪᠢᠳᠡᠨ ᠢ ᠳᠡᠮᠵᠢᠳᠡᠭ ᠰᠢᠳᠤᠷᠭᠤ ᠶᠣᠰᠣ ᠶᠢ ᠳᠡᠭᠡᠳᠦᠯᠡᠳᠡᠭ  ᠬᠦᠮᠦᠨ ᠪᠦᠬᠦᠨ ᠳᠦ ᠤᠷᠢᠶᠠᠯᠠᠬᠤ ᠨᠢ᠂

ᠶᠠᠫᠣᠨ᠂ ᠠᠮᠸᠷᠢᠺᠠ᠂ ᠡᠸᠦ᠋ᠷᠦᠫᠡ ᠶᠢᠨ ᠬᠣᠯᠪᠣᠭ᠎ᠠ ᠵᠡᠷᠭᠡ ᠶᠢᠨ ᠠᠷᠠᠳᠴᠢᠯᠠᠭᠰᠠᠨ ᠣᠷᠣᠨ ᠤ ᠫᠠᠷᠯᠠᠮᠸᠨᠲ ᠪᠣᠯᠣᠨ ᠵᠠᠰᠠᠭ ᠤᠨ ᠭᠠᠵᠠᠷ ᠲᠤ ᠬᠦᠰᠡᠯᠲᠡ ᠭᠠᠷᠭᠠᠵᠤ ᠂ ᠬᠢᠲᠠᠳ ᠤᠨ ᠵᠠᠰᠠᠭ ᠤᠨ ᠭᠠᠵᠠᠷ ᠤᠨ ᠡᠨᠡ ᠬᠦ ᠬᠠᠤᠯᠢ ᠪᠤᠰᠤ ᠠᠵᠢᠯᠯᠠᠭ᠎ᠠ ᠶᠢ  ᠡᠰᠡᠷᠭᠦᠴᠡᠵᠦ᠂  ᠬᠢᠲᠠᠳ ᠤᠨ ᠵᠠᠰᠠᠭ ᠤᠨ ᠡᠮᠦᠨᠡᠲᠦ ᠮᠣᠩᠭᠣᠯᠴᠤᠳ ᠤᠨ ᠡᠬᠡ ᠬᠡᠯᠡᠨ ᠦ ᠪᠣᠯᠪᠠᠰᠤᠷᠠᠯ ᠬᠦᠷᠲᠡᠬᠦ ᠡᠷᠬᠡ ᠶᠢ ᠴᠤᠴᠠᠯᠠᠵᠤ ᠪᠠᠢᠭ᠎ᠠ ᠪᠣᠳᠣᠯᠭ᠎ᠠ ᠶᠢ ᠨᠡᠩ ᠳᠠᠷᠤᠢ ᠵᠣᠭᠰᠤᠭᠠᠬᠤ ᠶᠢ ᠱᠠᠭᠠᠷᠳᠠᠬᠤ ᠶᠢ ᠬᠦᠰᠡᠨ ᠤᠷᠢᠶᠠᠯᠠᠵᠤ ᠪᠠᠢᠨ᠎ᠠ᠃ ᠡᠭᠦᠨ ᠦ ᠲᠥᠯᠥᠭᠡ ᠲᠠ ᠪᠢᠳᠡᠨ ᠦ ᠬᠠᠮᠲᠤ ᠶᠢᠨ ᠴᠢᠷᠮᠠᠢᠯᠭ᠎ᠠ ᠮᠠᠰᠢ ᠱᠠᠭᠠᠷᠳᠠᠭᠳᠠᠵᠤ ᠪᠠᠢᠨ᠎ᠠ ᠡ᠃ ᠣᠯᠠᠨ ᠤ ᠬᠦᠴᠦᠨ ᠳᠦ ᠣᠪᠣᠭ᠎ᠠ ᠬᠦᠳᠡᠯᠦᠨ᠎ᠡ᠃ ᠲᠠᠨ ᠤ ᠨᠢᠭᠡ ᠬᠦᠮᠦᠨ ᠦ ᠭᠠᠷ ᠤᠨ ᠦᠰᠦᠭ ᠨᠢ ᠪᠦᠬᠦᠢᠯᠡ ᠡᠮᠦᠨᠡᠲᠦ ᠮᠣᠩᠭᠣᠯᠴᠤᠳ ᠤᠨ ᠬᠣᠵᠢᠮ ᠦᠨ ᠬᠤᠪᠢ ᠵᠠᠶᠠᠭ᠎ᠠ ᠶᠢ ᠲᠣᠭᠲᠠᠭᠠᠬᠤ ᠮᠠᠰᠢ ᠴᠢᠬᠤᠯᠠ ᠤᠳᠬ᠎ᠠ ᠠᠭᠤᠯᠭ᠎ᠠ ᠲᠠᠢ ᠠᠵᠢᠯᠯᠠᠭ᠎ᠠ ᠪᠣᠯᠣᠨ᠎ᠠ ᠭᠡᠳᠡᠭ ᠢ ᠢᠲᠡᠭᠡᠷᠡᠢ᠃

ᠪᠢᠳᠡ ᠡᠨᠡ ᠬᠦ  ᠠᠵᠢᠯᠯᠠᠭ᠎ᠠ ᠪᠠᠨ ᠠᠽᠢᠶ᠎ᠠ ᠶᠢᠨ ᠠᠷᠠᠳᠴᠢᠯᠠᠭᠰᠠᠨ ᠣᠷᠣᠨ ᠨᠤᠭᠤᠳ ᠤᠨ ᠲᠡᠷᠢᠭᠦᠯᠡᠭᠴᠢ ᠤᠯᠤᠰ ᠪᠣᠯᠬᠤ ᠶᠠᠫᠣᠨ ᠤᠯᠤᠰ ᠠᠴᠠ ᠡᠬᠢᠯᠡᠭᠦᠯᠦᠶ᠎ᠡ᠃ ᠶᠠᠫᠣᠨ ᠨᠢ  ᠲᠤᠰ ᠵᠢᠯ<<  ᠶᠡᠬᠡ 7 ᠤᠯᠤᠰ>> ᠢ ᠳᠠᠷᠤᠭᠠᠯᠠᠵᠤ ᠪᠠᠶᠢᠬᠤ ᠶᠢᠨ ᠬᠤᠪᠢ ᠳᠤ ᠳᠡᠯᠡᠬᠡᠢ ᠶᠢᠨ ᠠᠷᠠᠳᠴᠢᠯᠠᠯ᠂ ᠬᠦᠮᠦᠨ ᠦ ᠡᠷᠬᠡ ᠶᠢᠨ ᠪᠠᠶᠢᠳᠠᠯ ᠢ ᠰᠠᠶᠢᠵᠢᠷᠠᠭᠤᠯᠬᠤ ᠳᠤ ᠠᠬᠢᠭᠤᠯᠬᠤ ᠦᠢᠯᠡᠳᠦᠯ ᠦᠵᠡᠭᠦᠯᠬᠦ ᠶᠢᠨ ᠲᠥᠯᠥᠭᠡᠬᠢ ᠳ᠋ᠢᠫᠯᠣᠮᠠᠲ ᠪᠠᠶᠢᠷᠢ ᠰᠠᠭᠤᠷᠢᠨ ᠠᠴᠠ ᠬᠢᠲᠠᠳ ᠤᠨ ᠵᠠᠰᠠᠭ ᠤᠨ ᠭᠠᠵᠠᠷ ᠲᠤ ᠬᠣᠷᠢᠭ ᠠᠷᠭ᠎ᠠ ᠬᠡᠮᠵᠢᠶ᠎ᠡ ᠠᠪᠬᠤᠯᠭᠤᠬᠤ ᠪᠠᠷ ᠤᠷᠢᠶᠠᠯᠠᠶ᠎ᠠ᠃

ᠡᠬᠡ ᠬᠡᠯᠡ ᠪᠡᠨ ᠬᠠᠮᠠᠭᠠᠯᠠᠬᠤ ᠬᠥᠳᠡᠯᠭᠡᠭᠡᠨ ᠢ ᠵᠣᠬᠢᠶᠠᠨ ᠪᠠᠢᠭᠤᠯᠬᠤ ᠵᠦᠪᠯᠡᠯ


ᠶᠠᠫᠣᠨ ᠤᠯᠤᠰ ᠤᠨ ᠶᠡᠷᠦᠩᠬᠡᠢ ᠰᠠᠢᠳ

ᠨᠣᠶᠠᠨ ᠺᠢᠰᠢᠳᠠ ᠹᠦᠮᠢᠠᠣ᠋ ᠲᠠᠨ᠎ᠠ

ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠵᠠᠰᠠᠭ ᠤᠨ ᠭᠠᠵᠠᠷ ᠠᠴᠠ ᠡᠮᠦᠨᠡᠲᠦ ᠮᠣᠩᠭᠣᠯ (ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ)  ᠳᠦ  ᠮᠣᠩᠭᠣᠯ ᠡᠬᠡ ᠬᠡᠯᠡ ᠪᠡᠷ ᠢᠶᠡᠨ ᠪᠣᠯᠪᠠᠰᠤᠷᠠᠯ  ᠬᠦᠷᠲᠡᠬᠦ ᠶᠢ ᠪᠣᠯᠢᠭᠤᠯᠤᠭᠰᠠᠨ ᠢ ᠡᠰᠡᠷᠭᠦᠴᠡᠵᠦ᠂ ᠳᠡᠯᠡᠬᠡᠢ ᠨᠡᠢᠲᠡ ᠶᠢᠨ ᠡᠷᠬᠡ ᠴᠢᠯᠦᠭᠡ ᠠᠷᠠᠳᠴᠢᠯᠠᠯ ᠢ ᠳᠡᠭᠡᠳᠦᠯᠡᠳᠡᠭ ᠤᠯᠤᠰ ᠭᠦᠷᠦᠨ  ᠡᠴᠡ ᠬᠢᠲᠠᠳ ᠤᠨ ᠵᠠᠰᠠᠭ ᠤᠨ ᠭᠠᠵᠠᠷ ᠲᠤ ᠬᠣᠷᠢᠭ ᠲᠠᠯᠪᠢᠬᠤ ᠶᠢ  ᠬᠦᠰᠡᠨ ᠤᠷᠢᠶᠠᠯᠠᠵᠤ ᠪᠠᠶᠢᠨ᠎ᠠ᠃

ᠡᠮᠦᠨᠡᠲᠦ ᠮᠣᠩᠭᠣᠯ ᠳᠤ (ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ) ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ  ᠤᠨ ᠵᠠᠰᠠᠭ ᠤᠨ ᠭᠠᠵᠠᠷ ᠠᠴᠠ ᠪᠦᠬᠦ ᠰᠤᠷᠭᠠᠭᠤᠯᠢ ᠶᠢᠨ ᠪᠣᠯᠪᠠᠰᠤᠷᠠᠯ ᠳᠤ ᠦᠨᠳᠦᠰᠦᠲᠡᠨ ᠤ ᠡᠬᠡ ᠬᠡᠯᠡ ᠶᠢ ᠬᠠᠯᠠᠵᠤ᠂ ᠬᠢᠲᠠᠳ ᠬᠡᠯᠡ  ᠪᠡᠷ ᠬᠢᠴᠢᠶᠡᠯᠯᠡᠬᠦ ᠰᠢᠢᠳᠪᠦᠷᠢ ᠭᠠᠷᠭᠠᠵᠠᠢ(2023 ᠣᠨ ᠤ 9 ᠳᠦᠭᠡᠷ ᠰᠠᠷ᠎ᠠ ᠡᠴᠡ)᠃

ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠣᠳᠣ ᠶᠢᠨ ᠦᠨᠳᠦᠰᠦᠨ ᠬᠠᠤᠯᠢ  ᠳᠠᠭᠠᠨ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠳᠦ《 ᠦᠨᠳᠦᠰᠦᠲᠡᠨ ᠦ ᠰᠤᠶᠤᠯ ᠤᠨ ᠥᠪ ᠢ ᠬᠠᠮᠠᠭᠠᠯᠠᠵᠤ᠂ ᠡᠮᠬᠢᠯᠡᠨ ᠳᠢᠭᠯᠡᠵᠦ᠂ ᠦᠨᠳᠦᠰᠦᠨ ᠦ ᠰᠤᠶᠤᠯ ᠢ ᠬᠥᠭᠵᠢᠭᠦᠯᠵᠦ᠂ ᠴᠡᠴᠡᠭᠯᠡᠭᠦᠯᠦᠨ᠎ᠡ》 (119  ᠳᠦᠭᠡᠷ ᠵᠦᠢᠯ) ᠭᠡᠵᠦ ᠵᠢᠭᠠᠭᠰᠠᠨ ᠪᠠᠶᠢᠳᠠᠭ᠃  ᠮᠣᠩᠭᠣᠯ ᠬᠡᠦᠬᠡᠳ ᠤᠨ ᠡᠬᠡ ᠬᠡᠯᠡ  ᠪᠡᠷ ᠢᠶᠡᠨ ᠰᠤᠷᠬᠤ ᠡᠷᠬᠡ ᠶᠢ ᠨᠢ ᠬᠠᠰᠤᠵᠤ ᠪᠠᠢᠭ᠎ᠠ ᠬᠢᠲᠠᠳ ᠤᠨ ᠵᠠᠰᠠᠭ ᠤᠨ ᠡᠨᠡ ᠬᠦ ᠪᠣᠳᠣᠯᠭ᠎ᠠ ᠨᠢ ᠦᠪᠡᠷᠰᠡᠳ ᠦᠨ ᠦᠨᠳᠦᠰᠦᠨ ᠬᠠᠤᠯᠢ ᠪᠠᠨ ᠵᠦᠷᠢᠴᠡᠵᠦ ᠪᠠᠢᠬᠤ ᠪᠠᠷ ᠦᠯᠦ ᠪᠠᠷᠠᠨ ᠂ ᠮᠣᠩᠭᠣᠯ ᠦᠨᠳᠦᠰᠦᠲᠡᠨ ᠦ  ᠬᠡᠯᠡ ᠰᠤᠶᠤᠯ  ᠢ ​​ ᠬᠣᠮᠣᠷᠭᠠᠯᠠᠨ ᠤᠰᠠᠳᠬᠠᠵᠤ ᠪᠠᠢᠭ᠎ᠠ ᠵᠡᠷᠯᠢᠭ ᠣᠷᠣᠯᠳᠤᠯᠭ᠎ᠠ ᠪᠣᠯᠬᠤ ᠶᠤᠮ᠃

ᠶᠠᠫᠣᠨ ᠤᠯᠤᠰ ᠨᠢ ᠠᠽᠢᠶ᠎ᠠ ᠶᠢᠨ ᠲᠡᠷᠢᠭᠦᠯᠡᠭᠴᠢ ᠠᠷᠠᠳᠴᠢᠯᠠᠭᠰᠠᠨ ᠣᠷᠣᠨ ᠪᠣᠯᠣᠭᠰᠠᠨ ᠤ ᠬᠤᠪᠢ ᠳᠤ ᠬᠢᠲᠠᠳ ᠤᠨ ᠵᠠᠰᠠᠭ ᠤᠨ ᠭᠠᠵᠠᠷ ᠤᠨ ᠡᠨᠡ ᠬᠦ ᠬᠠᠤᠯᠢ ᠪᠣᠰᠤ ᠠᠵᠢᠯᠯᠠᠭ᠎ᠠ ᠶᠢ ᠡᠰᠡᠷᠭᠦᠴᠡᠵᠦ᠂  ᠬᠢᠲᠠᠳ ᠤᠨ ᠵᠠᠰᠠᠭ ᠤᠨ ᠡᠮᠦᠨᠡᠲᠦ ᠮᠣᠩᠭᠣᠯᠴᠤᠳ  ᠤᠨ ᠡᠬᠡ ᠬᠡᠯᠡ ᠪᠡᠷ ᠢᠶᠠᠨ ᠬᠦᠮᠦᠵᠢᠯ ᠬᠦᠷᠲᠡᠬᠦ  ᠡᠷᠬᠡ ᠶᠢ ᠤᠤᠯᠭᠠᠯᠠᠵᠤ ᠪᠠᠢᠭ᠎ᠠ ᠶᠠᠪᠤᠳᠠᠯ  ᠢ ᠳᠠᠷᠤᠢ ᠲᠦᠷᠭᠡᠨ ᠵᠣᠭᠰᠤᠭᠠᠬᠤ ᠶᠢ  ᠬᠦᠰᠡᠨ ᠱᠠᠭᠠᠷᠳᠠᠵᠤ ᠪᠠᠢᠨ᠎ᠠ᠃ ᠮᠥᠨ  ᠴᠤ《ᠶᠡᠬᠡ 7 ᠤᠯᠤᠰ》  ᠢ ᠳᠠᠷᠤᠭᠠᠯᠠᠵᠤ ᠪᠠᠶᠢᠬᠤ ᠬᠤᠪᠢ ᠳᠤ ᠳᠡᠯᠡᠬᠡᠢ ᠶᠢᠨ ᠠᠷᠠᠳᠴᠢᠯᠠᠯ᠂ ᠬᠦᠮᠦᠨ ᠦ ​​ᠡᠷᠬᠡ ᠶᠢᠨ ᠪᠠᠶᠢᠳᠠᠯ ᠢ ᠰᠠᠶᠢᠵᠢᠷᠠᠭᠤᠯᠬᠤ ᠳᠤ ᠠᠬᠢᠭᠤᠯᠬᠤ ᠦᠢᠯᠡᠳᠦᠯ  ᠦᠵᠡᠭᠦᠯᠬᠦ ᠶᠢᠨ ᠲᠥᠯᠥᠭᠡᠬᠢ ᠳ᠋ᠢᠫᠯᠣᠮᠠᠲ ᠪᠠᠶᠢᠷᠢ ᠰᠠᠭᠤᠷᠢᠨ ᠠᠴᠠ ᠬᠢᠲᠠᠳ ᠤᠨ ᠵᠠᠰᠠᠭ ᠤᠨ ᠭᠠᠵᠠᠷ  ᠲᠤ ᠴᠢᠨᠠᠭᠰᠢᠳᠠ ᠬᠣᠷᠢᠭ ᠲᠠᠯᠪᠢᠬᠤ ᠶᠢ ᠬᠦᠰᠡᠨ ᠤᠷᠢᠶᠠᠯᠠᠵᠤ ᠪᠠᠶᠢᠨ᠎ᠠ᠃

ᠡᠬᠡ ᠬᠡᠯᠡ ᠪᠡᠨ ᠬᠠᠮᠠᠭᠠᠯᠠᠬᠤ ᠬᠥᠳᠡᠯᠭᠡᠭᠡᠨ ᠢ ᠵᠣᠬᠢᠶᠠᠨ ᠪᠠᠢᠭᠤᠯᠬᠤ ᠵᠦᠪᠯᠡᠯ


ᠭᠠᠷ ᠤᠨ ᠦᠰᠦᠭ ᠢᠶᠡᠨ ᠵᠢᠷᠤᠬᠤ ᠳᠤ ᠣᠷᠣᠬᠤ ᠬᠠᠶ᠋ᠢᠭ( ᠳᠠᠷᠠᠭᠠᠬᠢ ᠬᠠᠶ᠋ᠢᠭ ᠢ ᠳᠠᠷᠤᠭᠠᠳ ᠣᠷᠣᠨ᠎ᠠ ᠦᠦ)

キャンペーン · 日本政府と国際社会に対し、南モンゴル(内モンゴル自治区)における母語教育の廃止に対する抗議と、中国政府へのさらなる制裁を呼びかける署名 · Change.org

info@southmongolia.org