《 ᠮᠢᠨᠤ ᠮᠡᠳᠡᠬᠦ ᠡᠮᠦᠨᠡᠲᠦ ᠮᠣᠩᠭᠣᠯ 》 ᠡᠸᠰᠰᠸ ᠪᠢᠴᠢᠭ ᠦᠨ ᠱᠠᠩᠨᠠᠯ ᠭᠠᠷᠳᠠᠭᠤᠯᠤᠯ᠎ᠠ

ᠮᠢᠨᠤ ᠮᠡᠳᠡᠬᠦ ᠡᠮᠦᠨᠡᠲᠦ ᠮᠣᠩᠭᠣᠯ ᠡᠸᠰᠰᠸ ᠪᠢᠴᠢᠭ ᠦᠨ ᠱᠠᠩᠨᠠᠯ ᠭᠠᠷᠳᠠᠭᠤᠯᠤᠯ᠎ᠠ

ᠶᠠᠫᠣᠨ ᠳᠤ ᠲᠥᠪ ᠲᠡᠢ ᠡᠮᠦᠨᠡᠲᠦ ᠮᠣᠩᠭᠣᠯ ᠤᠨ ᠶᠡᠬᠡ ᠬᠤᠷᠠᠯᠳᠠᠢ ᠪᠣᠯᠤᠨ ᠳᠡᠯᠡᠬᠡᠢ ᠶᠢᠨ ᠮᠣᠩᠭᠣᠯᠴᠤᠳ ᠤᠨ ᠬᠣᠯᠪᠣᠭ᠎ᠠ ᠪᠠᠶᠢᠭᠤᠯᠤᠯᠭ᠎ᠠ  ᠬᠠᠮᠲᠤᠷᠠᠨ 《ᠮᠢᠨᠤ ᠮᠡᠳᠡᠬᠦ ᠡᠮᠦᠨᠡᠲᠦ ᠮᠣᠩᠭᠣᠯ》 ᠮᠣᠩᠭᠣᠯ ᠪᠢᠴᠢᠭ ᠦᠨ ᠡᠸᠰᠰᠸ ᠪᠢᠴᠢᠯᠭᠡ ᠶᠢᠨ ᠤᠷᠤᠯᠳᠤᠭᠠᠨ ᠢ 2024 ᠣᠨ ᠤ ᠬᠣᠶᠠᠳᠤᠭᠠᠷ ᠰᠠᠷ᠎ᠠ ᠶᠢᠨ 21  ᠦ ᠣᠯᠠᠨ ᠤᠯᠤᠰ ᠤᠨ ᠡᠬᠡ ᠬᠡᠯᠡᠨ ᠦ ᠡᠳᠦᠷ ᠢ ᠲᠣᠬᠢᠶᠠᠯᠳᠤᠭᠤᠯᠤᠨ ᠭᠤᠷᠪᠠ ᠳ᠋ᠠᠬᠢ ᠵᠢᠯ ᠳᠦ ᠪᠡᠨ ᠵᠠᠷᠯᠠᠵᠠᠢ᠃ ᠥᠩᠭᠡᠷᠡᠭᠰᠡᠨ ᠬᠣᠶᠠᠷ ᠰᠠᠷ᠎ᠠ ᠶᠢᠨ ᠬᠤᠭᠤᠴᠠᠭᠠᠨ ᠳᠤ ᠣᠷᠣᠨ ᠳᠠᠶᠠᠭᠠᠷ ᠡᠸᠰᠰᠸ ᠪᠢᠴᠢᠯᠭᠡ ᠨᠦᠭᠦᠳ ᠢ ᠬᠦᠯᠢᠶᠡᠨ ᠠᠪᠤᠭᠰᠠᠨ ᠪᠠᠶᠢᠨ᠎ᠠ᠃ ᠢᠩᠭᠢᠭᠡᠳ ᠤᠯᠠᠮᠵᠢᠯᠠᠯ ᠶᠣᠰᠣᠭᠠᠷ ᠲᠠᠪᠤᠳᠤᠭᠠᠷ ᠰᠠᠷ᠎ᠠ ᠶᠢᠨ 11  ᠦ 《 ᠡᠮᠦᠨᠡᠲᠦ ᠮᠣᠩᠭᠣᠯ ᠢ ᠳᠡᠮᠵᠢᠬᠦ ᠡᠳᠦᠷ》 ᠱᠠᠩᠨᠠᠯ ᠭᠠᠷᠳᠠᠭᠤᠯᠬᠤ ᠦᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠵᠤ ᠪᠠᠶᠢᠨ᠎ᠠ᠃

ᠤᠷᠤᠯᠳᠤᠭᠠᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢᠨ ᠠᠬᠠᠯᠠᠬᠤ 10-12 ᠠᠩᠭᠢ᠂ ᠳᠤᠮᠳᠠ 6-9 ᠠᠩᠭᠢ᠂ ᠮᠥᠨ ᠶᠡᠬᠡ᠂ ᠳᠡᠭᠡᠳᠦ ᠰᠤᠷᠭᠠᠭᠤᠯᠢ᠂ ᠺᠣᠯᠯᠧᠵᠢ ᠶᠢᠨ ᠣᠶᠤᠲᠠᠨ ᠭᠡᠰᠡᠨ ᠭᠤᠷᠪᠠᠨ ᠠᠩᠭᠢᠯᠠᠯ ᠢᠶᠠᠷ ᠶᠠᠪᠤᠭᠳᠠᠳᠠᠭ ᠪᠥᠭᠡᠳ ᠲᠤᠰ ᠪᠦᠷᠢ ᠵᠢᠷᠭᠤᠭᠠᠨ ᠪᠠᠶᠢᠷᠢ ᠶᠢ ᠰᠢᠯᠭᠠᠷᠠᠭᠤᠯᠵᠤ ᠨᠡᠶᠢᠲᠡ 18 ᠰᠤᠷᠤᠭᠴᠢ ᠱᠠᠩᠨᠠᠯᠲᠤ ᠪᠠᠶᠢᠷᠢᠨ ᠳᠤ ᠰᠢᠯᠭᠠᠷᠠᠯ᠎ᠠ᠃

ᠱᠠᠩᠨᠠᠯ ᠤᠨ ᠲᠤᠬᠠᠢ ᠳᠤ ᠡᠷᠭᠦᠮᠵᠢᠯᠡᠯ ᠪᠠ ᠮᠥᠩᠭᠥᠨ ᠤᠷᠮᠠᠰᠢᠭᠤᠯᠤᠯ ᠣᠯᠭᠤᠳᠠᠭ᠃ ᠤᠷᠤᠯᠳᠤᠭᠠᠨ ᠤ ᠧᠰᠰᠧ ᠶᠢ ᠵᠢᠷᠤᠭ ᠤᠨ ᠬᠡᠯᠪᠡᠷᠢ ᠪᠡᠷ ᠴᠠᠬᠢᠮ ᠢᠶᠠᠷ ᠬᠦᠯᠢᠶᠡᠨ ᠠᠪᠳᠠᠭ ᠪᠥᠭᠡᠳ ᠰᠢᠯᠭᠠᠷᠠᠭᠤᠯᠤᠯᠲᠠ ᠳᠤ ᠡᠸᠰᠰᠸ ᠪᠢᠴᠢᠯᠭᠡ ᠶᠢᠨ ᠤᠳᠬ᠎ᠠ ᠠᠭᠤᠯᠭ᠎ᠠ᠂ ᠨᠠᠶᠢᠷᠠᠭᠤᠯᠭ᠎ᠠ ᠪᠣᠯᠤᠨ᠂ ᠪᠢᠴᠢᠭ ᠦᠨ ᠬᠡᠪ᠂ ᠰᠲ᠋ᠠᠨᠳᠠᠷᠲ ᠵᠡᠷᠭᠡ ᠨᠢ ᠭᠣᠣᠯᠯᠠᠬᠤ ᠨᠥᠯᠥᠭᠡ ᠦᠵᠡᠭᠦᠯᠳᠡᠭ᠃ ᠲᠤᠰ ᠤᠷᠤᠯᠳᠤᠭᠠᠨ ᠳᠤ ᠮᠣᠩᠭᠣᠯ ᠣᠷᠣᠨ ᠳᠠᠶᠠᠭᠠᠷ ᠨᠡᠶᠢᠰᠯᠡᠯ ᠪᠣᠯᠤᠨ ᠪᠦᠬᠦ 21 ᠠᠶᠢᠮᠠᠭ ᠤᠨ ᠲᠥᠯᠥᠭᠡᠯᠡᠯ ᠪᠣᠯᠤᠭᠰᠠᠨ ᠰᠤᠷᠤᠭᠴᠢ᠂ ᠣᠶᠤᠲᠠᠨ ᠨᠤᠭᠤᠳ ᠨᠡᠶᠢᠲᠡ 105 ᠣᠷᠣᠯᠴᠠᠭᠴᠢ ᠣᠷᠣᠯᠴᠠᠯ᠎ᠠ᠃ ᠵᠢᠯ ᠪᠦᠷᠢ ᠬᠥᠳᠡᠭᠡ ᠣᠷᠣᠨ ᠨᠤᠲᠤᠭ ᠠᠴᠠ ᠮᠣᠩᠭᠣᠯ ᠬᠡᠯᠡ᠂ ᠪᠢᠴᠢᠭ ᠦᠨ ᠪᠠᠭᠰᠢ ᠨᠠᠷ ᠰᠤᠷᠤᠭᠴᠢᠳ ᠢᠶᠠᠨ ᠪᠡᠯᠡᠳᠬᠡᠨ ᠣᠷᠤᠯᠴᠠᠭᠤᠯᠳᠠᠭ ᠨᠢ ᠡᠨᠡ ᠤᠷᠤᠯᠳᠤᠭᠠᠨ ᠤ ᠨᠢᠭᠡ ᠣᠨᠴᠠᠯᠢᠭ ᠪᠣᠯᠳᠠᠭ᠃ ᠡᠸᠰᠰᠸ  ᠪᠢᠴᠢᠯᠭᠡ ᠶᠢᠨ ᠤᠷᠤᠯᠳᠤᠭᠠᠨ ᠤ ᠣᠷᠣᠯᠴᠠᠭᠴᠢᠳ ᠠᠴᠠ ᠡᠨᠡᠬᠦ ᠤᠷᠤᠯᠳᠤᠭᠠᠨ ᠳᠤ ᠣᠷᠣᠯᠴᠠᠬᠤ ᠶᠢᠨ ᠲᠤᠯᠠᠳᠠ ᠮᠣᠩᠭᠣᠯ ᠪᠢᠴᠢᠭ ᠢᠶᠡᠨ ᠢᠯᠡᠭᠦᠦ ᠰᠠᠶᠢᠨ ᠳᠠᠪᠲᠠᠵᠤ᠂ ᠪᠠᠭᠰᠢ ᠨᠠᠷ ᠲᠠᠢ ᠪᠠᠨ ᠠᠵᠢᠯᠯᠠᠭᠰᠠᠨ᠂ ᠥᠪᠥᠷ ᠮᠣᠩᠭᠣᠯ ᠤᠨ ᠲᠡᠦᠬᠡ ᠶᠢ ᠰᠤᠳᠤᠯᠵᠤ᠂ ᠮᠡᠳᠡᠭᠰᠡᠨ ᠭᠡᠳ ᠲᠠᠯᠠᠷᠬᠠᠵᠤ ᠪᠠᠶᠢᠭ᠎ᠠ ᠪᠠᠨ ᠢᠯᠡᠷᠬᠡᠶᠢᠯᠡᠭᠰᠡᠭᠡᠷ ᠪᠠᠶᠢᠨ᠎ᠠ᠃

                  ᠪ᠂ ᠨᠠᠷᠠᠨᠲᠤᠶᠠᠭ᠎ᠠ

 ᠡᠬᠢ ᠰᠤᠷᠪᠤᠯᠵᠢ᠌᠌᠄ ᠮᠣᠩᠭᠣᠯ ᠤᠯᠤᠰ ᠤᠨ ᠴᠠᠬᠢᠮ ᠰᠦᠯᠵᠢᠶ᠎ᠡ news.mn

https://l.facebook.com/l.php?u=https%3A%2F%2Fnews.mn%2Fr%2F2721625%2F%3Ffbclid%3DIwZXh0bgNhZW0CMTAAAR3cYfoCAymWj2qzJR3QmqEFT_KhzY2xAEEQY0468bDDc7dZGkFY4NG0EWY_aem_AZv2e0i8OxrNu4nbQ7HsLWsH23dwFakl_M5mpKipbEGu4FHB50QjhPNWFZiM0rxxh7s_rUMM56x_MTIRMOg-tvwW&h=AT1lnI0kah7SZQ0TCmGaH-dqRT4_NITmaM2a-5HEebgJBwFKwgT_1zdzKY9IJ3TfeKFxWP4DAtNlh9PstOm6UzrotxH3FO3n9czGWllKz8YUfbZDiQh9DjpI90PPnHMH58P0OY3D-mnRhNpnLqs

info@southmongolia.org