ᠡᠰᠡᠷᠭᠦᠴᠡᠯ ᠦᠨ ᠪᠢᠴᠢᠭ : ᠬᠢᠲᠠᠳ ᠤᠨ ᠵᠠᠰᠠᠭ ᠨᠢ ᠡᠮᠦᠨᠡᠲᠦ ᠮᠣᠩᠭᠣᠯ ᠳᠤ ᠶᠠᠪᠤᠭᠤᠯᠵᠤ ᠪᠠᠢᠭ᠎ᠠ ᠭᠢᠨᠣᠴᠢᠳ᠋ ( GENOCIDE ) ᠪᠣᠳᠤᠯᠭ᠎ᠠ ᠪᠠᠨ ᠵᠣᠭᠰᠣᠭ᠎ᠠ

ᠬᠢᠲᠠᠳ ᠤᠨ ᠵᠠᠰᠠᠭ ᠨᠢ ᠡᠮᠦᠨᠡᠲᠦ ᠮᠣᠩᠭᠣᠯ ᠳᠤ ᠶᠠᠪᠤᠭᠤᠯᠵᠤ ᠪᠠᠢᠭ᠎ᠠ

 ᠭᠢᠨᠣᠴᠢᠳ᠋(GENOCIDE) ᠪᠣᠳᠤᠯᠭ᠎ᠠ ᠪᠠᠨ ᠵᠣᠭᠰᠣᠭ᠎ᠠ

ᠡᠰᠡᠷᠭᠦᠴᠡᠯ ᠦᠨ ᠪᠢᠴᠢᠭ

ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠲᠡᠷᠢᠭᠦᠯᠡᠭᠴᠢ

ᠨᠣᠶᠠᠨ ᠰᠢ ᠵᠢᠨ ᠫᠢᠩ ᠳᠦ

2011 ᠣᠨ ᠤ 5 ᠳ᠋ᠤᠭᠠᠷ ᠰᠠᠷ᠎ᠠ ᠶᠢᠨ 11 ᠦ ᠡᠳᠦᠷ᠂ ᠡᠮᠦᠨᠡᠲᠦ ᠮᠣᠩᠭᠣᠯ ᠤᠨ ᠨᠤᠲᠤᠭ ᠤᠨ ᠪᠡᠯᠴᠢᠭᠡᠷ  ᠢᠶᠠᠨ ᠬᠠᠮᠠᠭᠠᠯᠠᠬᠤ ᠶᠢᠨ ᠲᠤᠯᠠᠳᠠ ᠮᠠᠯᠴᠢᠨ ᠮᠡᠷᠭᠡᠨ ᠬᠢᠲᠠᠳ ᠤᠨ ᠨᠡᠭᠦᠷᠡᠰᠦᠨ  ᠦ ᠲᠣᠮᠣ ᠠᠴᠢᠶᠠᠨ ᠤ ᠮᠠᠰᠢᠨ ᠳᠤ ᠳᠠᠭᠠᠷᠢᠭᠤᠯᠵᠤ ᠠᠮᠢ ᠪᠠᠨ ᠠᠯᠳᠠᠭᠰᠠᠨ ᠶᠤᠮ᠃ ᠲᠡᠭᠦᠪᠡᠷ ᠴᠤ ᠵᠣᠭᠰᠣᠬᠤ ᠦᠭᠡᠢ ᠭᠡᠮᠲᠦ ᠬᠡᠷᠡᠭᠲᠡᠨ ᠬᠢᠲᠠᠳ ᠡᠷ᠎ᠡ᠂ ᠬᠦᠮᠦᠨ ᠦ ᠡᠷᠳᠡᠨᠢᠲᠦ ᠠᠮᠢ ᠶᠢ ᠢᠯᠡᠳᠳᠡ ᠰᠠᠨᠠᠭ᠎ᠠ ᠲᠠᠢ ᠪᠠᠷ ᠠᠴᠢᠶᠠᠨ ᠤ ᠮᠠᠰᠢᠨ ᠢᠶᠠᠷ ᠢᠶᠠᠨ ᠳᠠᠭᠠᠷᠢᠨ ᠬᠦᠨᠦᠭᠡᠬᠦ ᠳᠡᠬᠡᠨ《ᠮᠣᠩᠭᠣᠯ ᠬᠦᠮᠦᠨ ᠦ ᠠᠮᠢ  ᠭᠡᠵᠦ ᠵᠢᠭᠠᠬᠠᠨ ᠮᠥᠩᠭᠥ ᠲᠥᠯᠥᠪᠡᠯ ᠪᠣᠯᠴᠢᠬᠠᠬᠤ ᠶᠤᠮ ᠪᠢᠰᠢ ᠦᠦ》ᠭᠡᠵᠦ ᠳᠣᠷᠣᠮᠵᠢᠯᠠᠵᠠᠢ᠃ ᠡᠭᠦᠨ ᠢ ᠮᠣᠩᠭᠣᠯᠴᠤᠳ ᠪᠢᠳᠡ᠂ ᠵᠦᠭᠡᠷ ᠯᠠ ᠨᠢᠭᠡᠨ ᠪᠦᠳᠦᠭᠦᠯᠢᠭ ᠡᠷ᠎ᠡ ᠶᠢᠨ ᠬᠠᠤᠯᠢ ᠪᠣᠰᠤ ᠦᠢᠯᠡᠳᠦᠯ ᠭᠡᠵᠦ ᠦᠵᠡᠬᠦ ᠦᠭᠡᠢ ᠪᠠᠶᠢᠨ᠎ᠠ᠃ ᠡᠭᠦᠨ ᠲᠡᠢ ᠨᠢᠭᠡᠨ ᠠᠳᠠᠯᠢ ᠪᠠᠷ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠪᠠᠶᠢᠭᠤᠯᠤᠭᠳᠠᠭᠰᠠᠨ ᠴᠠᠭ ᠠᠴᠠ ᠨᠠᠰᠢ᠂ ᠡᠮᠦᠨᠡᠲᠦ ᠮᠣᠩᠭᠣᠯᠴᠤᠳ ᠤᠨ ᠪᠦᠬᠦ ᠠᠮᠢᠳᠤᠷᠠᠯ ᠢ ᠬᠢᠲᠠᠳ ᠤᠨ ᠺᠣᠮᠮᠤᠨᠢᠰᠲ ᠨᠠᠮ ᠤᠨ ᠵᠠᠰᠠᠭ ᠤᠨ ᠭᠠᠵᠠᠷ ᠨᠢ ᠤᠯᠠᠨ ᠳᠤ ᠪᠠᠨ ᠭᠢᠰᠬᠢᠨ ᠲᠠᠯᠬᠢᠭᠰᠠᠭᠠᠷ ᠢᠷᠡᠭᠰᠡᠨ ᠪᠢᠯᠡ᠃

ᠰᠤᠶᠤᠯ ᠤᠨ ᠬᠤᠪᠢᠰᠬᠠᠯ ᠤᠨ ᠦᠶ᠎ᠡ ᠪᠡᠷ᠂ ᠡᠮᠦᠨᠡᠳᠦ ᠮᠣᠩᠭᠣᠯ ᠤᠨ ᠬᠡᠳᠦᠨ ᠵᠠᠭᠤᠨ ᠮᠢᠩᠭᠠᠨ ᠬᠦᠮᠦᠨ ᠢ ᠬᠠᠮᠤᠷᠤᠭᠰᠠᠨ ᠬᠣᠮᠣᠷᠭᠠᠯᠠᠨ ᠤᠰᠠᠳᠬᠠᠯᠲᠠ  ᠬᠢᠭᠰᠡᠨ ᠤ ᠪᠠᠨ ᠳᠠᠷᠠᠭ᠎ᠠ᠂ ᠬᠢᠲᠠᠳ ᠤᠨ ᠵᠠᠰᠠᠭ ᠤᠨ ᠭᠠᠵᠠᠷ ᠤᠨ ᠰᠦᠢᠳᠬᠡᠭᠰᠡᠨ ᠵᠦᠢᠯ ᠪᠣᠯ ᠡᠮᠦᠨᠡᠲᠦ ᠮᠣᠩᠭᠣᠯ ᠤᠨ ᠪᠡᠯᠴᠢᠭᠡᠷ ᠨᠤᠲᠤᠭ ᠪᠠᠶᠢᠪᠠ᠃ ᠰᠢᠨᠡᠴᠢᠯᠡᠯ ᠨᠡᠭᠡᠭᠡᠯᠲᠡ ᠶᠢᠨ ᠨᠡᠷ᠎ᠡ ᠶᠢᠨ ᠳᠣᠣᠷ᠎ᠠ᠂ ᠡᠮᠦᠨᠡᠲᠦ ᠮᠣᠩᠭᠣᠯ ᠤᠨ ᠠᠷᠠᠳ ᠲᠦᠮᠡᠨ ᠳᠦ ᠠᠰᠢᠭᠯᠠᠭᠳᠠᠬᠤ ᠶᠣᠰᠣᠲᠠᠢ ᠪᠠᠶᠢᠭᠰᠠᠨ ᠭᠠᠵᠠᠷ ᠤᠨ ᠪᠠᠶᠠᠯᠢᠭ ᠢ ᠬᠢᠲᠠᠳ ᠤᠨ ᠬᠥᠷᠥᠩᠭᠡ ᠣᠷᠣᠭᠤᠯᠤᠯᠲᠠ ᠪᠠᠷ  ᠮᠠᠯᠲᠠᠨ ᠣᠯᠪᠤᠷᠢᠯᠠᠵᠤ᠂ ᠮᠣᠩᠭᠣᠯᠴᠤᠳ ᠤᠨ ᠬᠡᠳᠦᠨ ᠮᠢᠩᠭᠠᠨ ᠵᠢᠯ ᠢᠶᠠᠷ ᠠᠮᠢᠳᠤᠷᠠᠵᠤ ᠢᠷᠡᠭᠰᠡᠨ ᠨᠣᠭᠣᠭᠠᠨ ᠪᠡᠯᠴᠢᠭᠡᠷ  ᠨᠢ ᠡᠯᠡᠰᠦᠨ ᠴᠥᠯ ᠪᠣᠯᠤᠨ ᠬᠤᠪᠢᠷᠠᠭᠰᠠᠨ᠃ ᠴᠠᠭᠠᠰᠢᠯᠠᠪᠠᠯ᠂ ᠪᠣᠬᠢᠷᠳᠠᠯ ᠢ ᠲᠦᠭᠡᠭᠡᠳᠡᠭ ᠵᠠᠷᠴᠢᠮ ᠦᠭᠡᠢ ᠦᠢᠯᠡᠳᠪᠦᠷᠢ ᠪᠠᠷᠢᠬᠤ ᠵᠡᠷᠭᠡ ᠪᠠᠷ ᠪᠡᠯᠴᠢᠭᠡᠷ  ᠤᠰᠤ ᠶᠢ  ᠪᠣᠬᠢᠷᠲᠤᠭᠤᠯᠤᠨ ᠰᠦᠢᠳᠬᠡᠵᠦ ᠪᠠᠶᠢᠨ᠎ᠠ᠃ ᠬᠢᠲᠠᠳ ᠤᠨ ᠺᠣᠮᠮᠤᠨᠢᠰᠲ ᠨᠠᠮ ᠤᠨ ᠵᠠᠰᠠᠭ ᠤᠨ ᠡᠳᠡᠭᠡᠷ ᠦᠢᠯᠡᠳᠦᠯ ᠪᠣᠯ ᠲᠡᠷᠡ ᠴᠢᠭ ᠢᠶᠡᠷ ᠢᠶᠡᠨ ᠪᠠᠢᠭᠠᠯᠢ ᠣᠷᠴᠢᠨ ᠤ ᠭᠢᠨᠣᠴᠢᠳ᠋ ᠠᠵᠢᠯᠯᠠᠭ᠎ᠠ ᠪᠣᠯᠬᠣ ᠶᠤᠮ᠃

ᠣᠳᠣ  ᠶᠠᠭ ᠶᠠᠪᠤᠭᠳᠠᠵᠤ ᠪᠠᠢᠭ᠎ᠠ ᠵᠦᠢᠯ ᠪᠣᠯ ᠡᠮᠦᠨᠡᠲᠦ ᠮᠣᠩᠭᠣᠯᠴᠤᠳ ᠲᠤ ᠴᠣᠷ ᠤᠨ ᠭᠠᠭᠴᠠ ᠦᠯᠡᠳᠡᠵᠦ ᠪᠠᠢᠭᠰᠠᠨ ᠡᠬᠡ ᠬᠡᠯᠡᠨ ᠡᠴᠡ ᠨᠢ ᠰᠠᠯᠭᠠᠬᠤ ᠰᠤᠶᠤᠯ ᠤᠨ ᠬᠣᠮᠣᠷᠭᠠᠯᠠᠨ ᠤᠰᠠᠳᠬᠠᠯᠲᠠ ᠪᠣᠯᠣᠨ᠎ᠠ᠃ ᠡᠮᠦᠨᠡᠲᠦ ᠮᠣᠩᠭᠣᠯ  ᠳᠦ᠂ 2023 ᠣᠨ ᠤ ᠶᠢᠰᠦᠳᠦᠭᠡᠷ ᠰᠠᠷ᠎ᠠ ᠠᠴᠠ ᠪᠦᠬᠦ ᠰᠤᠷᠭᠠᠭᠤᠯᠢ ᠶᠢᠨ ᠪᠣᠯᠪᠠᠰᠤᠷᠠᠯ ᠳᠤ ᠮᠣᠩᠭᠣᠯ ᠬᠡᠯᠡ ᠶᠢ ᠬᠠᠯᠠᠵᠤ᠂ ᠣᠷᠣᠨ ᠳᠤ ᠨᠢ ᠬᠢᠲᠠᠳ ᠬᠡᠯᠡ ᠶᠢ ᠠᠰᠢᠭᠯᠠᠬᠤ ᠪᠠᠷ ᠰᠢᠢᠳᠪᠦᠷᠢᠯᠡᠭᠰᠡᠨ᠃ ᠡᠨᠡ ᠨᠢ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠦᠨᠳᠦᠰᠦᠨ ᠬᠠᠤᠯᠢ ᠳᠤ ᠵᠢᠭᠠᠭᠰᠠᠨ ᠦᠨᠳᠦᠰᠦᠲᠡᠨ ᠶᠠᠰᠤᠲᠠᠨ  ᠡᠷᠬᠡ ᠲᠡᠭᠰᠢ ᠭᠡᠳᠡᠭ ᠵᠢᠭᠠᠯᠲᠠ ᠵᠣᠷᠪᠤᠰ ᠤᠳ ᠢᠶᠡᠨ  ᠵᠥᠷᠢᠴᠡᠭᠰᠡᠨ ᠪᠣᠳᠣᠯᠭ᠎ᠠ ᠪᠣᠯᠪᠠᠴᠤ᠂ ᠰᠢ ᠵᠢᠨ ᠫᠢᠩ ᠦᠨ ᠳᠠᠷᠤᠩᠭᠤᠢᠯᠠᠯ ᠤᠨ ᠵᠠᠰᠠᠭ ᠨᠢ  ᠥᠪᠡᠷᠰᠡᠳ ᠦᠨ ᠬᠠᠤᠯᠢ ᠲᠣᠭᠲᠠᠭᠠᠮᠵᠢ ᠪᠠᠨ ᠴᠤ ᠦᠯᠦ ᠲᠣᠭᠣᠮᠰᠠᠷᠯᠠᠨ᠂ ᠤᠯᠠᠨ ᠳᠤ ᠪᠠᠨ ᠭᠢᠰᠬᠢᠯᠡᠵᠦ ᠪᠠᠢᠭ᠎ᠠ ᠰᠣᠶᠣᠯ ᠤᠨ ᠭᠢᠨᠣᠴᠢᠳ᠋ ᠪᠣᠯᠣᠨ᠎ᠠ᠃

 ᠬᠡᠳᠦᠢ ᠲᠡᠭᠡᠭᠰᠡᠨ ᠴᠤ ᠡᠮᠦᠨᠡᠲᠦ ᠮᠣᠩᠭᠣᠯ ᠤᠨ ᠡᠰᠡᠷᠭᠦᠴᠡᠯ ᠲᠡᠮᠡᠴᠡᠯ ᠦᠷᠭᠦᠯᠵᠢᠯᠡᠭᠰᠡᠭᠡᠷ᠂ ᠥᠨᠥᠳᠥᠷ ᠢ ᠬᠦᠷᠲᠡᠯ᠎ᠡ ᠬᠡᠯᠮᠡᠭᠳᠡᠭᠦᠯᠦᠯᠲᠡ ᠳᠦ ᠥᠷᠲᠦᠭᠰᠡᠨ ᠴᠤ ᠡᠬᠡ ᠬᠡᠯᠡ ᠪᠡᠨ ᠬᠠᠮᠠᠭᠠᠯᠠᠵᠤ᠂ ᠦᠨᠳᠦᠰᠦᠲᠡᠨ ᠶᠠᠰᠤᠲᠠᠨ ᠤ ᠪᠠᠬᠠᠷᠬᠠᠯ᠎ ᠢᠶᠡᠨ ᠬᠠᠮᠠᠭᠠᠯᠠᠬᠤ ᠶᠢᠨ ᠲᠥᠯᠦᠭᠡ ᠲᠡᠮᠡᠴᠡᠭᠰᠡᠭᠡᠷ ᠪᠠᠶᠢᠭ᠎ᠠ ᠮᠣᠩᠭᠣᠯᠴᠤᠳ ᠪᠤᠢ᠃ ᠡᠨᠡ ᠬᠡᠯᠮᠡᠭᠳᠡᠭᠦᠯᠦᠯᠲᠡ  ᠶᠢ᠂ ᠬᠢᠯᠢ ᠶᠢᠨ ᠴᠢᠨᠠᠳᠤ ᠳᠡᠬᠢ ᠡᠷᠬᠡ ᠴᠢᠯᠦᠭᠡᠲᠡᠢ ᠤᠯᠤᠰ ᠣᠷᠣᠨ ᠳᠤ ᠠᠮᠢᠳᠤᠷᠠᠵᠤ ᠪᠤᠢ ᠮᠣᠩᠭᠣᠯᠴᠤᠳ ᠪᠢᠳᠡ ᠬᠡᠷᠬᠢᠨ ᠲᠡᠪᠴᠢᠨ ᠥᠩᠭᠡᠷᠡᠭᠡᠵᠦ ᠪᠣᠯᠬᠤ ᠪᠢᠯᠡ᠃ ᠪᠢᠳᠡ ᠮᠡᠷᠭᠡᠨ ᠦ ᠬᠦᠰᠡᠯ ᠮᠥᠷᠥᠭᠡᠳᠦᠯ ᠦᠨ ᠦᠷᠭᠦᠯᠵᠢᠯᠡᠯ ᠪᠠᠢᠬᠤ ᠪᠣᠯᠣᠨ᠎ᠠ᠃ ᠡᠨᠡ ᠰᠠᠷ᠎ᠠ ᠶᠢᠨ 11  ᠦ ᠡᠳᠦᠷ ᠳᠡᠯᠡᠬᠡᠢ ᠳᠠᠶᠠᠭᠠᠷ ᠨᠢᠭᠡᠨ ᠵᠡᠷᠭᠡ ᠡᠰᠡᠷᠭᠦᠴᠡᠯ ᠦᠨ ᠵᠢᠭᠰᠠᠭᠠᠯ ᠵᠣᠬᠢᠶᠠᠨ ᠪᠠᠶᠢᠭᠤᠯᠵᠤ᠂ ᠬᠢᠲᠠᠳ ᠤᠨ ᠵᠠᠰᠠᠭ ᠤᠨ ᠭᠠᠵᠠᠷ ᠤᠨ ᠡᠮᠦᠨᠡᠲᠦ ᠮᠣᠩᠭᠣᠯ ᠳᠤ ᠶᠠᠪᠤᠭᠤᠯᠵᠤ ᠪᠤᠢ ᠭᠢᠨᠣᠴᠢᠳ᠋  ᠪᠣᠳᠣᠯᠭ᠎ᠠ ᠶᠢ ᠨᠡᠩ ᠳᠠᠷᠤᠢ ᠵᠣᠭᠰᠣᠭᠠᠬᠤ ᠶᠢ ᠱᠠᠭᠠᠷᠳᠠᠵᠤ ᠪᠠᠢᠨ᠎ᠠ᠃  ᠡᠮᠦᠨᠡᠲᠦ ᠮᠣᠩᠭᠣᠯᠴᠣᠳ ᠪᠢᠳᠡ ᠡᠬᠡ ᠨᠤᠲᠤᠭ ᠲᠠᠭᠠᠨ ᠡᠵᠡᠨ ᠮᠡᠳᠡᠬᠦ ᠡᠷᠬᠡ ᠲᠡᠢ ᠪᠣᠯᠬᠤ ᠪᠣᠯᠲᠠᠯ᠎ᠠ ᠪᠠᠨ ᠡᠰᠡᠷᠭᠦᠴᠡᠯ ᠦᠨ ᠦᠢᠯᠡ ᠠᠵᠢᠯᠯᠠᠭ᠎ᠠ ᠶᠢ ᠪᠠᠨ ᠦᠷᠭᠦᠯᠵᠢᠯᠡᠭᠦᠯᠦᠨ᠎ᠡ ᠭᠡᠳᠡᠭ ᠢᠶᠡᠨ ᠮᠡᠳᠡᠭᠳᠡᠵᠦ ᠪᠠᠶᠢᠨ᠎ᠠ᠃

5.11 ᠳᠤᠷᠠᠰᠬᠠᠯ ᠤᠨ ᠵᠢᠭᠰᠠᠭᠠᠯ ᠢ ᠵᠣᠬᠢᠶᠠᠨ ᠪᠠᠶᠢᠭᠤᠯᠬᠤ ᠵᠦᠪᠯᠡᠯ

2024 ᠣᠨ ᠤ ᠲᠠᠪᠤᠳᠤᠭᠠᠷ ᠰᠠᠷ᠎ᠠ ᠶᠢᠨ 11 ᠦ ᠡᠳᠦᠷ

info@southmongolia.org