2024 09 02
<<ᠮᠣᠩᠭᠣᠯ ᠲᠥᠪᠡᠳ ᠦᠨ ᠬᠠᠷᠢᠯᠴᠠᠨ ᠬᠦᠯᠢᠶᠡᠨ ᠵᠥᠪᠰᠢᠶᠡᠷᠡᠭᠰᠡᠨ ᠭᠡᠷ᠎ᠡ>> ᠪᠠᠶᠢᠭᠤᠯᠤᠭᠰᠠᠨ ᠤ110 ᠵᠢᠯ ᠦᠨ ᠣᠢ ᠶᠢᠨ ᠡᠷᠳᠡᠮ ᠰᠢᠨᠵᠢᠯᠡᠭᠡᠨ ᠦ ᠬᠤᠷᠠᠯ ᠤᠨ ᠦᠭᠦᠯᠡᠯ ᠦᠨ ᠲᠡᠭᠦᠪᠦᠷᠢ ᠨᠢ ᠠᠩᠭ᠍ᠯᠢ ᠬᠡᠯᠡ ᠪᠡᠷ ᠬᠡᠪᠯᠡᠭᠳᠡᠬᠦ ᠪᠣᠯᠣᠭᠰᠠᠨ ᠦᠦ

ᠥᠩᠭᠡᠷᠡᠭᠰᠡᠨ ᠰᠠᠷ᠎ᠠ ᠶᠢᠨ ᠠᠷᠪᠠᠨ(8 ᠳ᠋ᠤᠭᠠᠷ ᠰᠠᠷ᠎ᠠ ᠶᠢᠨ10 ᠦ ᠡᠳᠦᠷ) ᠤ ᠡᠳᠦᠷ᠂ ᠡᠮᠦᠨᠡᠲᠦ ᠮᠣᠩᠭᠣᠯ ᠤᠨ ᠶᠡᠬᠡ ᠬᠤᠷᠠᠯᠳᠠᠢ ᠶᠢᠨ ᠪᠠᠶᠢᠩᠭᠤ ᠶᠢᠨ ᠳᠡᠳ᠋ ᠲᠡᠷᠢᠭᠦᠨ ᠣᠯᠬᠤᠨᠤᠳ ᠳᠠᠶᠢᠴᠢᠨ ᠨᠠᠷ ᠲᠥᠪᠡᠳ ᠦᠨ ᠲᠥᠪ ᠵᠠᠰᠠᠭ ᠤᠨ ᠶᠠᠫᠣᠨ ᠳᠠᠬᠢ ᠲᠦᠯᠦᠭᠡᠯᠡᠭᠴᠢ ᠶᠢᠨ ᠭᠠᠵᠠᠷ(ᠳᠠᠯᠠᠢ ᠯᠠᠮᠠ ᠵᠢᠨ ᠲᠦᠯᠦᠭᠡᠯᠡᠭᠴᠢ ᠵᠢᠨ ᠭᠠᠵᠠᠷ) ᠤᠨ ᠳᠠᠷᠤᠭ᠎ᠠ ᠠᠷᠢᠶᠠ ᠲᠠᠢ ᠠᠭᠤᠯᠵᠠᠨ᠂<<ᠮᠣᠩᠭᠣᠯ ᠲᠥᠪᠡᠳ ᠦᠨ ᠬᠠᠷᠢᠯᠴᠠᠨ ᠬᠦᠯᠢᠶᠡᠨ ᠵᠥᠪᠰᠢᠶᠡᠷᠡᠭᠰᠡᠨ ᠭᠡᠷ᠎ᠡ>> ᠶᠢᠨ110 ᠵᠢᠯ ᠦᠨ ᠣᠢ ᠶᠢ ᠳᠤᠷᠠᠰᠬᠠᠭᠰᠠᠨ ᠡᠷᠳᠡᠮ ᠰᠢᠨᠵᠢᠯᠡᠭᠡᠨ ᠦ ᠬᠤᠷᠠᠯ ᠤᠨ ᠦᠭᠦᠯᠡᠯ ᠦᠨ ᠲᠡᠭᠦᠪᠦᠷᠢ ᠶᠢ  ᠠᠩᠭ᠍ᠯᠢ ᠬᠡᠯᠡ ᠪᠡᠷ ᠬᠡᠪᠯᠡᠭᠦᠯᠬᠦ ᠶᠠᠪᠤᠳᠠᠯ ᠪᠣᠯᠣᠨ ᠪᠤᠰᠤᠳ ᠲᠠᠯ᠎ᠠ ᠪᠠᠷ ᠦᠷᠭᠦᠯᠵᠢᠯᠡᠨ ᠬᠠᠮᠲᠤᠷᠠᠨ ᠠᠵᠢᠯᠯᠠᠬᠤ ᠲᠤᠬᠠᠢ ᠰᠠᠨᠠᠯ ᠢᠶᠠᠨ ᠰᠣᠯᠢᠯᠴᠠᠪᠠ᠃

ᠡᠨᠡ ᠬᠦ ᠦᠭᠦᠯᠡᠯ ᠦᠨ ᠲᠡᠭᠦᠪᠦᠷᠢ ᠨᠢ 2023 ᠣᠨ ᠊ᠤ 7 ᠍ ᠳ᠋ᠤᠭᠠᠷ ᠰᠠᠷᠠ ᠵᠢᠨ 15 ᠍ ᠊ᠤ ᠡᠳᠦᠷ ᠂ ᠮᠣᠩᠭᠣᠯ᠂ ᠲᠥᠪᠡᠳ ᠊ᠤᠨ ᠬᠣᠭᠣᠷᠣᠨᠳᠣ ᠬᠠᠷᠢᠯᠴᠠᠨ ᠬᠦᠯᠢᠶᠡᠨ ᠵᠦᠪᠰᠢᠶᠡᠷᠡᠬᠦ ᠭᠡᠷ᠎ᠡ ᠪᠠᠶ᠋ᠢᠭᠤᠯᠤᠭᠰᠠᠨ ᠊ᠤ 110 ᠵᠢᠯ ᠊ᠤᠨ ᠣᠢ ᠳ᠋ᠤ᠌ ᠵᠣᠷᠢᠭᠤᠯᠤᠭᠰᠠᠨ ᠣᠯᠠᠨ ᠤᠯᠤᠰ ᠊ᠤᠨ ᠡᠷᠳᠡᠮ ᠰᠢᠨᠵᠢᠯᠡᠭᠡᠨ ᠦ ᠬᠤᠷᠠᠯ ᠤᠨ ᠦᠭᠦᠯᠡᠯ ᠊ᠤᠨ ᠲᠡᠭᠦᠪᠦᠷᠢ ᠪᠣᠯᠬᠤ ᠶᠤᠮ᠃ ᠲᠤᠰ ᠡᠷᠳᠡᠮ ᠰᠢᠨᠵᠢᠯᠡᠭᠡᠨ ᠦ ᠬᠤᠷᠠᠯ  ᠊ᠢ ᠡᠮᠦᠨᠡᠲᠦ ᠮᠣᠩᠭᠣᠯ ᠊ᠤᠨ ᠶᠡᠬᠡ ᠬᠤᠷᠠᠯᠳᠠᠢ ᠵᠣᠬᠢᠶᠠᠨ ᠪᠠᠶᠢᠭᠤᠯᠵᠤ᠂ ᠲᠥᠪᠡᠳ ᠦᠨ ᠲᠥᠪ ᠵᠠᠰᠠᠭ ᠤᠨ ᠶᠠᠫᠣᠨ ᠳᠠᠬᠢ ᠲᠦᠯᠦᠭᠡᠯᠡᠭᠴᠢ ᠶᠢᠨ ᠭᠠᠵᠠᠷ (ᠳᠠᠯᠠᠢ ᠯᠠᠮᠠ ᠵᠢᠨ ᠲᠦᠯᠦᠭᠡᠯᠡᠭᠴᠢ ᠵᠢᠨ ᠭᠠᠵᠠᠷ) ᠨᠢ ᠬᠠᠮᠲᠤᠷᠠᠨ ᠵᠣᠬᠢᠶᠠᠨ ᠪᠠᠶᠢᠭᠤᠯᠤᠭᠰᠠᠨ ᠠᠵᠠᠢ᠃ ᠰᠢᠮᠫᠣᠵᠢᠶᠦᠮ ᠨᠢ ᠶᠠᠫᠣᠨ ᠤᠯᠤᠰ ᠊ᠤᠨ ᠲᠣᠣᠺᠢᠤ᠋ ᠶᠡᠬᠡ ᠰᠤᠷᠭᠠᠭᠤᠯᠢ ᠵᠢᠨ ᠺᠣᠮᠠᠪᠠ ᠺᠠᠮᠫᠦ᠋ᠰ ᠲᠦ ᠪᠣᠯᠤᠭᠰᠠᠨ ᠪᠠᠶᠢᠪᠠ᠃

ᠲᠤᠰ ᠦᠭᠦᠯᠡᠯ ᠊ᠤᠨ ᠲᠡᠭᠦᠪᠦᠷᠢ ᠨᠢ 20 ᠍ ᠳ᠋ᠤᠭᠠᠷ ᠵᠠᠭᠤᠨ ᠊ᠤ ᠡᠬᠢᠨ ᠦᠶ᠎ᠡ ᠳ᠋ᠤ᠌ ᠮᠣᠩᠭᠣᠯ᠂ ᠲᠥᠪᠡᠳ ᠬᠣᠶᠠᠷ ᠨᠢ ᠲᠤᠰᠠᠭᠠᠷ ᠲᠣᠭᠲᠠᠨᠢᠭᠰᠠᠨ ᠤᠯᠤᠰ ᠪᠠᠶᠢᠭᠰᠠᠨ ᠊ᠢ ᠲᠤᠬᠠᠢ ᠵᠢᠨ ᠦᠶ᠎ᠡ ᠵᠢᠨ ᠣᠯᠠᠨ ᠤᠯᠤᠰ ᠊ᠤᠨ ᠭᠡᠷ᠎ᠡ ᠬᠡᠯᠡᠯᠴᠡᠭᠡᠷ ᠊ᠤᠨ ᠦᠨᠳᠦᠰᠦᠨ ᠳᠡᠭᠡᠷ᠎ᠡ ᠨᠣᠲᠠᠯᠠᠬᠤ ᠵᠢᠨ ᠳᠠᠭᠠᠤ ᠬᠢᠲᠠᠳ ᠊ᠤᠨ ᠵᠠᠰᠠᠭ ᠊ᠤᠨ ᠭᠠᠵᠠᠷ ᠡᠴᠡ ᠬᠦᠮᠦᠨ ᠊ᠤ ᠡᠷᠬᠡ ᠵᠢᠨ ᠳᠠᠷᠤᠮᠲᠠ ᠰᠢᠬᠠᠯᠲᠠ ᠨᠢ ᠥᠨᠥ ᠶ᠋ᠢ ᠬᠦᠷᠲᠡᠯ᠎ᠡ ᠦᠷᠭᠦᠯᠵᠢᠯᠡᠭᠰᠡᠭᠡᠷ ᠪᠠᠶᠢᠭ᠎ᠠ ᠪᠣᠳᠠᠲᠤ ᠦᠨᠡᠨ ᠊ᠢ ᠴᠤ᠌ ᠬᠠᠷᠠᠭᠤᠯᠤᠭᠰᠠᠨ ᠶᠤᠮ᠃

ᠦᠭᠦᠯᠡᠯ ᠦᠨ ᠲᠡᠭᠦᠪᠦᠷᠢ ᠶᠢᠨ ᠨᠢᠭᠤᠷ ᠬᠠᠪᠢᠰᠤ

ᠦᠭᠦᠯᠡᠯ ᠦᠨ ᠲᠡᠭᠦᠪᠦᠷᠢ ᠶᠢᠨ ᠠᠷᠤ ᠬᠠᠪᠢᠰᠤ

ᠬᠤᠷᠠᠯᠳᠠᠢ ᠶᠢᠨ ᠪᠠᠶᠢᠩᠭᠤ ᠶᠢᠨ ᠳᠡᠳ᠋ ᠲᠡᠷᠢᠭᠦᠨ ᠣᠯᠬᠣᠨᠤᠳ ᠳᠠᠶᠢᠴᠢᠨ ᠪᠣᠯᠣᠨ ᠲᠥᠪᠡᠳ ᠦᠨ ᠲᠥᠪ ᠵᠠᠰᠠᠭ ᠤᠨ ᠶᠠᠫᠣᠨ ᠳᠠᠬᠢ ᠲᠦᠯᠦᠭᠡᠯᠡᠭᠴᠢ ᠶᠢᠨ ᠭᠠᠵᠠᠷ(ᠳᠠᠯᠠᠢ ᠯᠠᠮᠠ ᠵᠢᠨ ᠲᠦᠯᠦᠭᠡᠯᠡᠭᠴᠢ ᠵᠢᠨ ᠭᠠᠵᠠᠷ) ᠤᠨ ᠳᠠᠷᠤᠭ᠎ᠠ ᠠᠷᠢᠶᠠ ᠶᠢᠨ ᠬᠠᠮᠲᠤ

info@southmongolia.org