[5.11] ᠬᠢᠲᠠᠳ ᠤᠨ ᠺᠣᠮᠮᠦᠨᠢᠰᠲ ᠵᠠᠰᠠᠭ ᠠᠴᠠ ᠡᠮᠦᠨᠡᠲᠦ ᠮᠣᠩᠭᠣᠯ ᠳᠤ ᠶᠠᠪᠤᠭᠤᠯᠵᠤ ᠪᠠᠢᠭ᠎ᠠ ᠭᠢᠨᠣᠴᠢᠳ᠋(GENOCIDE) ᠠᠵᠢᠯᠯᠠᠭ᠎ᠠ ᠪᠠᠨ ᠵᠣᠭᠰᠣᠭᠠᠬᠤ ᠶᠢ ᠲᠤᠯᠭᠠᠨ ᠱᠠᠭᠠᠷᠳᠠᠭᠰᠠᠨ ᠡᠰᠡᠷᠭᠦᠴᠡᠯ ᠦᠨ ᠪᠢᠴᠢᠭ

ᠬᠢᠲᠠᠳ ᠤᠨ ᠺᠣᠮᠮᠦᠨᠢᠰᠲ ᠵᠠᠰᠠᠭ ᠠᠴᠠ ᠡᠮᠦᠨᠡᠲᠦ ᠮᠣᠩᠭᠣᠯ ᠳᠤ ᠶᠠᠪᠤᠭᠤᠯᠵᠤ ᠪᠠᠢᠭ᠎ᠠ

ᠭᠢᠨᠣᠴᠢᠳ᠋(GENOCIDE) ᠠᠵᠢᠯᠯᠠᠭ᠎ᠠ ᠪᠠᠨ ᠵᠣᠭᠰᠣᠭᠠᠬᠤ ᠶᠢ ᠲᠤᠯᠭᠠᠨ ᠱᠠᠭᠠᠷᠳᠠᠭᠰᠠᠨ

ᠡᠰᠡᠷᠭᠦᠴᠡᠯ ᠦᠨ ᠪᠢᠴᠢᠭ

ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠺᠣᠮᠮᠤᠨᠢᠰᠲ ᠨᠠᠮ ᠤᠨ ᠲᠥᠪ ᠬᠣᠷᠢᠶᠠᠨ ᠤ ᠳᠠᠷᠤᠭ᠎ᠠ

ᠨᠣᠶᠠᠨ ᠰᠢ ᠵᠢᠨ ᠫᠢᠩ ᠳᠦ

2011 ᠣᠨ ᠤ 5 ᠳ᠋ᠤᠭᠠᠷ ᠰᠠᠷ᠎ᠠ ᠶᠢᠨ 11 ᠦ ᠡᠳᠦᠷ᠂ ᠡᠮᠦᠨᠡᠲᠦ ᠮᠣᠩᠭᠣᠯ ᠤᠨ ᠨᠤᠲᠤᠭ ᠤᠨ ᠪᠡᠯᠴᠢᠭᠡᠷ  ᠢᠶᠠᠨ ᠬᠠᠮᠠᠭᠠᠯᠠᠬᠤ ᠶᠢᠨ ᠲᠤᠯᠠᠳᠠ ᠮᠠᠯᠴᠢᠨ ᠮᠡᠷᠭᠡᠨ ᠬᠢᠲᠠᠳ ᠤᠨ ᠨᠡᠭᠦᠷᠡᠰᠦᠨ  ᠦ ᠲᠣᠮᠣ ᠠᠴᠢᠶᠠᠨ ᠤ ᠮᠠᠰᠢᠨ ᠳᠤ ᠳᠠᠭᠠᠷᠢᠭᠤᠯᠵᠤ ᠠᠮᠢ ᠪᠠᠨ ᠠᠯᠳᠠᠭᠰᠠᠨ ᠶᠤᠮ᠃ ᠲᠡᠭᠦᠪᠡᠷ ᠴᠤ ᠥᠯᠦ ᠪᠠᠷᠠᠨ ᠭᠡᠮᠲᠦ ᠡᠲᠡᠭᠡᠳ ᠬᠢᠲᠠᠳ ᠡᠷ᠎ᠡ᠂ ᠬᠦᠮᠦᠨ ᠦ ᠡᠷᠳᠡᠨᠢᠲᠦ ᠠᠮᠢ ᠶᠢ ᠵᠣᠷᠢᠭᠤᠳᠠ ᠪᠠᠷ ᠠᠴᠢᠶᠠᠨ ᠤ ᠮᠠᠰᠢᠨ ᠢᠶᠠᠷ ᠢᠶᠠᠨ ᠳᠠᠭᠠᠷᠢᠨ ᠬᠦᠨᠦᠭᠡᠬᠦ ᠳᠡᠬᠡᠨ《ᠮᠣᠩᠭᠣᠯ ᠬᠦᠮᠦᠨ ᠦ ᠠᠮᠢ  ᠭᠡᠵᠦ ᠵᠢᠭᠠᠬᠠᠨ ᠮᠥᠩᠭᠥ ᠲᠥᠯᠥᠪᠡᠯ ᠪᠣᠯᠴᠢᠬᠠᠬᠤ ᠶᠤᠮ ᠪᠢᠰᠢ ᠦᠦ》ᠭᠡᠵᠦ ᠳᠣᠷᠣᠮᠵᠢᠯᠠᠵᠠᠢ᠃ ᠡᠭᠦᠨ ᠢ ᠮᠣᠩᠭᠣᠯᠴᠤᠳ ᠪᠢᠳᠡ᠂ ᠵᠦᠭᠡᠷ ᠯᠠ ᠨᠢᠭᠡᠨ ᠪᠦᠳᠦᠭᠦᠯᠢᠭ ᠡᠷ᠎ᠡ ᠶᠢᠨ ᠬᠠᠤᠯᠢ ᠪᠣᠰᠤ ᠦᠢᠯᠡᠳᠦᠯ ᠭᠡᠵᠦ ᠦᠵᠡᠬᠦ ᠦᠭᠡᠢ ᠪᠠᠶᠢᠨ᠎ᠠ᠃ ᠡᠭᠦᠨ ᠲᠡᠢ ᠨᠢᠭᠡᠨ ᠠᠳᠠᠯᠢ ᠪᠠᠷ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠨᠢ ᠪᠠᠶᠢᠭᠤᠯᠤᠭᠳᠠᠭᠰᠠᠨ ᠴᠠᠭ ᠠᠴᠠ ᠨᠠᠰᠢ᠂ ᠬᠢᠲᠠᠳ ᠤᠨ ᠺᠣᠮᠮᠤᠨᠢᠰᠲ ᠨᠠᠮ ᠤᠨ ᠵᠠᠰᠠᠭ ᠤᠨ ᠭᠠᠵᠠᠷ ᠨᠢ ᠡᠮᠦᠨᠡᠲᠦ ᠮᠣᠩᠭᠣᠯᠴᠤᠳ ᠤᠨ ᠪᠦᠬᠦ ᠠᠮᠢᠳᠤᠷᠠᠯ ᠢ ᠤᠯᠠᠨ ᠳᠤ ᠪᠠᠨ ᠭᠢᠰᠬᠢᠨ ᠲᠠᠯᠬᠢᠭᠰᠠᠭᠠᠷ ᠢᠷᠡᠭᠰᠡᠨ ᠪᠢᠯᠡ᠃ᠰᠤᠶᠤᠯ ᠤᠨ ᠬᠤᠪᠢᠰᠬᠠᠯ ᠤᠨ ᠦᠶ᠎ᠡ ᠪᠡᠷ᠂ ᠡᠮᠦᠨᠡᠳᠦ ᠮᠣᠩᠭᠣᠯ ᠤᠨ ᠬᠡᠳᠦᠨ ᠵᠠᠭᠤᠨ ᠮᠢᠩᠭᠠᠨ ᠬᠦᠮᠦᠨ ᠢ ᠬᠠᠮᠤᠷᠤᠭᠰᠠᠨ ᠬᠣᠮᠣᠷᠭᠠᠯᠠᠨ ᠤᠰᠠᠳᠬᠠᠯᠲᠠ  ᠬᠢᠭᠰᠡᠨ ᠤ ᠪᠠᠨ ᠳᠠᠷᠠᠭ᠎ᠠ᠂ ᠬᠢᠲᠠᠳ ᠤᠨ ᠺᠣᠮᠮᠤᠨᠢᠰᠲ ᠨᠠᠮ ᠤᠨ ᠵᠠᠰᠠᠭ ᠤᠨ ᠭᠠᠵᠠᠷ ᠦᠨ ᠰᠦᠢᠳᠬᠡᠭᠰᠡᠨ ᠵᠦᠢᠯ ᠪᠣᠯ ᠡᠮᠦᠨᠡᠲᠦ ᠮᠣᠩᠭᠣᠯ ᠤᠨ ᠪᠡᠯᠴᠢᠭᠡᠷ ᠨᠤᠲᠤᠭ ᠪᠠᠶᠢᠪᠠ᠃ ᠰᠢᠨᠡᠴᠢᠯᠡᠯ ᠨᠡᠭᠡᠭᠡᠯᠲᠡ ᠶᠢᠨ ᠨᠡᠷ᠎ᠡ ᠶᠢᠨ ᠳᠣᠣᠷ᠎ᠠ᠂ ᠡᠮᠦᠨᠡᠲᠦ ᠮᠣᠩᠭᠣᠯ ᠤᠨ ᠠᠷᠠᠳ ᠲᠦᠮᠡᠨ ᠳᠦ ᠠᠰᠢᠭᠯᠠᠭᠳᠠᠬᠤ ᠶᠣᠰᠣᠲᠠᠢ ᠪᠠᠶᠢᠭᠰᠠᠨ ᠭᠠᠵᠠᠷ ᠤᠨ ᠪᠠᠶᠠᠯᠢᠭ ᠢ ᠬᠢᠲᠠᠳ ᠤᠨ ᠬᠥᠷᠥᠩᠭᠡ ᠣᠷᠣᠭᠤᠯᠤᠯᠲᠠ ᠪᠠᠷ  ᠮᠠᠯᠲᠠᠨ ᠣᠯᠪᠤᠷᠢᠯᠠᠭᠰᠠᠨ ᠠᠴᠠ ᠪᠣᠯᠵᠤ᠂ ᠮᠣᠩᠭᠣᠯᠴᠤᠳ ᠪᠢᠳᠡᠨ ᠦ ᠬᠡᠳᠦᠨ ᠮᠢᠩᠭᠠᠨ ᠵᠢᠯ ᠢᠶᠠᠷ ᠠᠮᠢᠳᠤᠷᠠᠵᠤ ᠢᠷᠡᠭᠰᠡᠨ ᠲᠠᠯ᠎ᠠ ᠨᠤᠲᠤᠭ ᠮᠠᠨᠢ ᠴᠥᠯᠵᠢᠨ ᠲᠠᠴᠢᠷᠳᠠᠪᠠ᠃ ᠴᠠᠭᠠᠰᠢᠯᠠᠪᠠᠯ᠂ ᠪᠣᠬᠢᠷᠳᠠᠯ ᠢ ᠲᠦᠭᠡᠭᠡᠳᠡᠭ ᠵᠠᠷᠴᠢᠮ ᠦᠭᠡᠢ ᠦᠢᠯᠡᠳᠪᠦᠷᠢ ᠪᠠᠷᠢᠬᠤ ᠵᠡᠷᠭᠡ ᠪᠠᠷ ᠪᠡᠯᠴᠢᠭᠡᠷ  ᠤᠰᠤ ᠶᠢ  ᠪᠣᠬᠢᠷᠲᠤᠭᠤᠯᠤᠨ ᠰᠦᠢᠳᠬᠡᠵᠦ ᠪᠠᠶᠢᠨ᠎ᠠ᠃ ᠬᠢᠲᠠᠳ ᠤᠨ ᠺᠣᠮᠮᠤᠨᠢᠰᠲ ᠨᠠᠮ ᠤᠨ ᠵᠠᠰᠠᠭ ᠤᠨ ᠡᠳᠡᠭᠡᠷ ᠦᠢᠯᠡᠳᠦᠯ ᠪᠣᠯ ᠲᠡᠷᠡ ᠴᠢᠭ ᠢᠶᠡᠷ ᠢᠶᠡᠨ ᠪᠠᠢᠭᠠᠯᠢ ᠣᠷᠴᠢᠨ ᠤ ᠭᠢᠨᠣᠴᠢᠳ᠋ ᠠᠵᠢᠯᠯᠠᠭ᠎ᠠ ᠪᠣᠯᠬᠣ ᠶᠤᠮ᠃

ᠣᠳᠣ ᠶᠠᠭ ᠶᠠᠪᠤᠭᠳᠠᠵᠤ ᠪᠠᠢᠭ᠎ᠠ ᠵᠦᠢᠯ ᠪᠣᠯ ᠡᠮᠦᠨᠡᠲᠦ ᠮᠣᠩᠭᠣᠯᠴᠤᠳ ᠲᠤ ᠴᠣᠷ ᠤᠨ ᠭᠠᠭᠴᠠ ᠥᠪᠡᠷ ᠦᠨ ᠭᠡᠵᠦ ᠦᠯᠡᠳᠡᠵᠦ ᠪᠠᠢᠭᠰᠠᠨ ᠡᠬᠡ ᠬᠡᠯᠡᠨ ᠡᠴᠡ ᠨᠢ ᠰᠠᠯᠭᠠᠬᠤ ᠰᠤᠶᠤᠯ ᠤᠨ ᠬᠣᠮᠣᠷᠭᠠᠯᠠᠨ ᠤᠰᠠᠳᠬᠠᠯᠲᠠ ᠪᠣᠯᠣᠨ᠎ᠠ᠃ ᠡᠮᠦᠨᠡᠲᠦ ᠮᠣᠩᠭᠣᠯ  ᠳᠦ᠂ 2023 ᠣᠨ ᠤ ᠶᠢᠰᠦᠳᠦᠭᠡᠷ ᠰᠠᠷ᠎ᠠ ᠠᠴᠠ ᠪᠦᠬᠦ ᠰᠤᠷᠭᠠᠭᠤᠯᠢ ᠶᠢᠨ ᠪᠣᠯᠪᠠᠰᠤᠷᠠᠯ ᠳᠤ ᠮᠣᠩᠭᠣᠯ ᠬᠡᠯᠡ ᠶᠢ ᠬᠠᠯᠠᠵᠤ᠂ ᠣᠷᠣᠨ ᠳᠤ ᠨᠢ ᠬᠢᠲᠠᠳ ᠢᠶᠠᠷ ᠬᠢᠴᠢᠶᠡᠯᠯᠡᠬᠦ ᠪᠣᠯᠣᠭᠰᠠᠨ ᠪᠠᠶᠢᠨ᠎ᠠ᠃ ᠡᠨᠡ ᠨᠢ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠦᠨᠳᠦᠰᠦᠨ ᠬᠠᠤᠯᠢ ᠳᠤ ᠵᠢᠭᠠᠭᠰᠠᠨ ᠦᠨᠳᠦᠰᠦᠲᠡᠨ ᠶᠠᠰᠤᠲᠠᠨ  ᠡᠷᠬᠡ ᠲᠡᠭᠰᠢ ᠭᠡᠳᠡᠭ ᠵᠢᠭᠠᠯᠲᠠ ᠵᠣᠷᠪᠤᠰ ᠤᠳ ᠢᠶᠡᠨ  ᠵᠥᠷᠢᠴᠡᠭᠰᠡᠨ ᠪᠣᠳᠣᠯᠭ᠎ᠠ ᠪᠣᠯᠪᠠᠴᠤ᠂ ᠰᠢ ᠵᠢᠨ ᠫᠢᠩ ᠦᠨ ᠳᠠᠷᠤᠩᠭᠤᠢᠯᠠᠯ ᠤᠨ ᠵᠠᠰᠠᠭ ᠨᠢ  ᠥᠪᠡᠷᠰᠡᠳ ᠦᠨ ᠬᠠᠤᠯᠢ ᠲᠣᠭᠲᠠᠭᠠᠮᠵᠢ ᠪᠠᠨ ᠴᠤ ᠡᠰᠡ ᠣᠶᠢᠰᠢᠶᠠᠭᠰᠠᠨ᠂ ᠮᠣᠩᠭᠣᠯ ᠬᠡᠯᠡ ᠰᠣᠶᠣᠯ ᠢ ᠤᠯᠠᠨ ᠳᠤ ᠪᠠᠨ ᠭᠢᠰᠬᠢᠯᠡᠵᠦ ᠪᠠᠢᠭ᠎ᠠ ᠰᠣᠶᠣᠯ ᠤᠨ ᠭᠢᠨᠣᠴᠢᠳ᠋ ᠪᠣᠯᠣᠨ᠎ᠠ᠃

          ᠬᠡᠳᠦᠢ ᠲᠡᠶᠢᠮᠦ ᠪᠠᠶᠢᠭᠰᠠᠨ ᠴᠤ ᠡᠮᠦᠨᠡᠲᠦ ᠮᠣᠩᠭᠣᠯ ᠤᠨ ᠡᠰᠡᠷᠭᠦᠴᠡᠯ ᠲᠡᠮᠡᠴᠡᠯ ᠦᠷᠭᠦᠯᠵᠢᠯᠡᠭᠰᠡᠭᠡᠷ᠂ ᠥᠨᠥᠳᠥᠷ ᠢ ᠬᠦᠷᠲᠡᠯ᠎ᠡ ᠬᠡᠯᠮᠡᠭᠳᠡᠭᠦᠯᠦᠯᠲᠡ ᠳᠦ ᠥᠷᠲᠦᠭᠰᠡᠨ ᠴᠤ ᠡᠬᠡ ᠬᠡᠯᠡ ᠪᠡᠨ ᠬᠠᠮᠠᠭᠠᠯᠠᠵᠤ᠂ ᠦᠨᠳᠦᠰᠦᠲᠡᠨ ᠶᠠᠰᠤᠲᠠᠨ ᠤ ᠪᠠᠬᠠᠷᠬᠠᠯ ᠪᠣᠯᠣᠭᠰᠠᠨ ᠬᠡᠯᠡ ᠰᠣᠶᠣᠯ᠎ ᠢᠶᠡᠨ ᠬᠠᠮᠠᠭᠠᠯᠠᠬᠤ ᠶᠢᠨ ᠲᠥᠯᠦᠭᠡ ᠲᠡᠮᠡᠴᠡᠭᠰᠡᠭᠡᠷ ᠪᠠᠶᠢᠭ᠎ᠠ ᠮᠣᠩᠭᠣᠯᠴᠤᠳ ᠪᠤᠢ᠃ ᠡᠨᠡ ᠬᠦ ᠬᠡᠯᠮᠡᠭᠳᠡᠭᠦᠯᠦᠯᠲᠡ  ᠶᠢ᠂ ᠬᠢᠯᠢ ᠶᠢᠨ ᠴᠢᠨᠠᠳᠤ ᠳᠡᠬᠢ ᠡᠷᠬᠡ ᠴᠢᠯᠦᠭᠡᠲᠡᠢ ᠤᠯᠤᠰ ᠣᠷᠣᠨ ᠳᠤ ᠠᠮᠢᠳᠤᠷᠠᠵᠤ ᠪᠤᠢ ᠮᠣᠩᠭᠣᠯᠴᠤᠳ ᠪᠢᠳᠡ ᠬᠡᠷᠬᠢᠨ ᠥᠯᠦ ᠬᠠᠷᠠᠭᠰᠠᠨ᠂ ᠡᠰᠡᠬᠦᠯ᠎ᠡ ᠡᠰᠡᠨ ᠮᠡᠳᠡᠭᠰᠡᠨ ᠪᠣᠯᠵᠤ ᠲᠡᠪᠴᠢᠨ ᠥᠩᠭᠡᠷᠡᠭᠡᠬᠦ ᠦᠭᠡᠢ᠃ ᠪᠢᠳᠡ ᠮᠡᠷᠭᠡᠨ ᠦ ᠬᠦᠰᠡᠯ ᠮᠥᠷᠥᠭᠡᠳᠦᠯ ᠦᠨ ᠦᠷᠭᠦᠯᠵᠢᠯᠡᠯ ᠪᠠᠢᠬᠤ ᠪᠣᠯᠣᠨ᠎ᠠ᠃ ᠡᠨᠡ ᠰᠠᠷ᠎ᠠ ᠶᠢᠨ 11  ᠦ ᠡᠳᠦᠷ ᠳᠡᠯᠡᠬᠡᠢ ᠳᠠᠶᠠᠭᠠᠷ ᠨᠢᠭᠡᠨ ᠵᠡᠷᠭᠡ ᠡᠰᠡᠷᠭᠦᠴᠡᠯ ᠦᠨ ᠵᠢᠭᠰᠠᠭᠠᠯ ᠵᠣᠬᠢᠶᠠᠨ ᠪᠠᠶᠢᠭᠤᠯᠵᠤ᠂ ᠬᠢᠲᠠᠳ ᠤᠨ ᠺᠣᠮᠮᠦᠨᠢᠰᠲ ᠨᠠᠮ ᠤᠨ ᠵᠠᠰᠠᠭ ᠤᠨ ᠭᠠᠵᠠᠷ ᠤᠨ ᠡᠮᠦᠨᠡᠲᠦ ᠮᠣᠩᠭᠣᠯ ᠳᠤ ᠶᠠᠪᠤᠭᠤᠯᠵᠤ ᠪᠤᠢ ᠭᠢᠨᠣᠴᠢᠳ᠋  ᠪᠣᠳᠣᠯᠭ᠎ᠠ  ᠪᠣᠯᠣᠨ ᠠᠵᠢᠯᠯᠠᠭ᠎ᠠ ᠶᠢ ᠨᠡᠩ ᠳᠠᠷᠤᠢ ᠵᠣᠭᠰᠣᠭᠠᠬᠤ ᠶᠢ ᠱᠠᠭᠠᠷᠳᠠᠵᠤ ᠪᠠᠢᠨ᠎ᠠ᠃  ᠡᠮᠦᠨᠡᠲᠦ ᠮᠣᠩᠭᠣᠯᠴᠣᠳ ᠪᠢᠳᠡ ᠡᠬᠡ ᠨᠤᠲᠤᠭ ᠲᠠᠭᠠᠨ ᠡᠵᠡᠨ ᠮᠡᠳᠡᠬᠦ ᠡᠷᠬᠡ ᠲᠡᠢ ᠪᠣᠯᠬᠤ ᠪᠣᠯᠲᠠᠯ᠎ᠠ ᠪᠠᠨ ᠡᠰᠡᠷᠭᠦᠴᠡᠯ ᠦᠨ ᠦᠢᠯᠡ ᠠᠵᠢᠯᠯᠠᠭ᠎ᠠ ᠶᠢ ᠪᠠᠨ ᠦᠷᠭᠦᠯᠵᠢᠯᠡᠭᠦᠯᠦᠨ᠎ᠡ ᠭᠡᠳᠡᠭ ᠢᠶᠡᠨ ᠮᠡᠳᠡᠭᠳᠡᠵᠦ ᠪᠠᠶᠢᠨ᠎ᠠ᠃

2025 ᠣᠨ ᠤ ᠲᠠᠪᠤᠳᠤᠭᠠᠷ ᠰᠠᠷ᠎ᠠ ᠶᠢᠨ 11 ᠦ ᠡᠳᠦᠷ

5.11 ᠳᠤᠷᠠᠰᠬᠠᠯ ᠤᠨ ᠵᠢᠭᠰᠠᠭᠠᠯ ᠢ ᠵᠣᠬᠢᠶᠠᠨ ᠪᠠᠶᠢᠭᠤᠯᠬᠤ ᠵᠦᠪᠯᠡᠯ

info@southmongolia.org