ᠡᠮᠦᠨᠡᠳᠦ ᠮᠣᠩᠭᠣᠯ ᠦ᠋ᠨ ᠶᠡᠬᠡ ᠬᠤᠷᠠᠯᠲᠠᠢ

ᠣ᠂ ᠥᠷᠭᠡᠨ᠄ 《 ᠲᠠ ᠡᠮᠦᠨᠡᠲᠦ ᠮᠣᠩᠭᠣᠯ ᠤᠨ ᠲᠤᠬᠠᠢ ᠬᠢᠷᠢ ᠮᠡᠳᠡᠵᠦ ᠪᠠᠢᠭ᠎ᠠ ᠪᠣᠢ? ᠡᠮᠦᠨᠡᠲᠦ ᠮᠣᠩᠭᠣᠯ ᠤᠨ ᠠᠬᠤᠢ ᠪᠠᠢᠳᠠᠯ 》

《 ᠲᠠ ᠡᠮᠦᠨᠡᠲᠦ ᠮᠣᠩᠭᠣᠯ ᠤᠨ ᠲᠤᠬᠠᠢ ᠬᠢᠷᠢ ᠮᠡᠳᠡᠵᠦ ᠪᠠᠢᠭ᠎ᠠ ᠪᠣᠢ? ᠡᠮᠦᠨᠡᠲᠦ ᠮᠣᠩᠭᠣᠯ ᠤᠨ ᠠᠬᠤᠢ ᠪᠠᠢᠳᠠᠯ 》 ᠰᠡᠳᠦᠪᠲᠦ ᠲᠢᠩᠬᠢᠮ ᠦᠨ ᠬᠤᠷᠠᠯ ᠪᠣᠯᠪᠠ᠃

ᠡᠮᠦᠨᠡᠲᠦ ᠮᠣᠩᠭᠣᠯ ᠤᠨ ᠶᠡᠬᠡ ᠬᠤᠷᠠᠯᠳᠠᠢ  ᠶᠢᠨ ᠶᠠᠫᠣᠨ ᠤ ᠡᠯ᠎ᠡ ᠪᠦᠰᠡ ᠨᠤᠲᠤᠭ ᠢᠶᠠᠷ ᠡᠮᠦᠨᠡᠲᠦ ᠮᠣᠩᠭᠣᠯ ᠤᠨ ᠪᠣᠳᠠᠲᠤ ᠠᠬᠤᠢ ᠶᠢ ᠲᠠᠨᠢᠯᠴᠠᠭᠤᠯᠤᠨ ᠲᠠᠨᠢᠭᠤᠯᠬᠤ ᠠᠶᠠᠨ ᠨᠢ ᠦᠷᠭᠦᠯᠵᠢᠯᠡᠭᠰᠡᠭᠡᠷ ᠪᠠᠢᠨ᠎ᠠ᠃

7 ᠰᠠᠷ᠎ᠠ ᠶᠢᠨ 9 ᠦ ᠡᠳᠦᠷ᠂ ᠤᠤᠰᠠᠺᠠ ᠬᠣᠲᠠ ᠳᠠᠬᠢ 《 ᠡᠸᠦᠷᠠᠰᠢᠶ᠎ᠠ ᠹᠦᠺᠦ | ᠡᠸ᠋ᠨ 》 ᠵᠣᠭᠣᠭ ᠤᠨ ᠭᠠᠵᠠᠷ ᠲᠤ᠂ ᠡᠮᠦᠨᠡᠲᠦ ᠮᠣᠩᠭᠣᠯ ᠤᠨ ᠶᠡᠬᠡ ᠬᠤᠷᠠᠯᠳᠠᠢ ᠶᠢᠨ ᠳᠡᠳ᠋ ᠲᠡᠷᠢᠭᠦᠨ᠂ ᠰᠤᠷᠭᠠᠨ ᠬᠦᠮᠦᠵᠢᠯ ᠦᠨ ᠤᠬᠠᠭᠠᠨ ᠤ ᠳ᠋ᠣᠺᠲ᠋ᠣᠷ ᠣ᠂ ᠥᠷᠭᠡᠨ  ᠪᠠᠷ 《 ᠲᠠ ᠡᠮᠦᠨᠡᠲᠦ ᠮᠣᠩᠭᠣᠯ ᠤᠨ ᠲᠤᠬᠠᠢ ᠬᠢᠷᠢ ᠮᠡᠳᠡᠵᠦ ᠪᠠᠢᠭ᠎ᠠ ᠪᠣᠢ? ᠡᠮᠦᠨᠡᠲᠦ ᠮᠣᠩᠭᠣᠯ ᠤᠨ ᠠᠬᠤᠢ ᠪᠠᠢᠳᠠᠯ 》 ᠰᠡᠳᠦᠪ ᠢᠶᠡᠷ ᠢᠯᠡᠳᠭᠡᠯ ᠬᠢᠵᠡᠢ᠃

 ᠳ᠋ᠣᠺᠲ᠋ᠣᠷ ᠣ᠂ ᠥᠷᠭᠡᠨ ᠪᠠᠷ ᠥᠪᠡᠷ ᠦᠨ ᠠᠮᠢᠳᠤᠷᠠᠯ ᠤᠨ ᠥᠩᠭᠡᠷᠡᠯᠲᠡ  ᠠᠴᠠ ᠪᠠᠨ ᠡᠰᠢᠯᠡᠵᠦ ᠣᠳᠣᠬᠢ ᠡᠮᠦᠨᠡᠲᠦ ᠮᠣᠩᠭᠣᠯ ᠳᠠᠬᠢ ᠬᠢᠲᠠᠳ ᠤᠨ ᠦᠨᠳᠦᠰᠦᠲᠡᠨ ᠢ ᠬᠠᠢᠯᠠᠭᠤᠯᠬᠤ ᠪᠣᠳᠤᠯᠭ᠎ᠠ ᠶᠢᠨ ᠲᠤᠬᠠᠢ ᠶᠠᠷᠢᠪᠠ᠃

 ᠲᠡᠭᠡᠬᠦ ᠳᠡᠬᠡᠨ ᠮᠣᠩᠭᠣᠯ ᠶᠠᠫᠣᠨ ᠤ 100 ᠵᠢᠯ ᠦᠨ ᠡᠮᠦᠨᠡᠬᠢ ᠲᠡᠦᠬᠡᠨ ᠬᠠᠷᠢᠴᠠᠭ᠎ᠠ᠂ ᠣᠳᠣᠬᠢ ᠶᠠᠫᠣᠨᠴᠤᠳ ᠤᠨ ᠮᠣᠩᠭᠣᠯ ᠭᠡᠳᠡᠭ ᠤᠬᠠᠭᠳᠠᠬᠤᠨ ᠤ ᠲᠤᠬᠠᠢ ᠪᠤᠷᠤᠭᠤ ᠣᠢᠯᠠᠭᠠᠯᠲᠠ ᠵᠢᠴᠢ ᠡᠮᠦᠨᠡᠲᠦ ᠮᠣᠩᠭᠣᠯᠴᠤᠳ ᠶᠠᠭᠠᠬᠢᠭᠠᠳ ᠶᠠᠫᠣᠨ ᠳᠤ ᠰᠤᠷᠤᠯᠴᠠᠬᠤ ᠪᠠᠷ ᠢᠷᠡᠬᠦ ᠳᠤᠷᠠᠲᠠᠢ ᠪᠣᠯᠣᠭᠰᠠᠨ ᠲᠡᠦᠬᠡᠨ ᠰᠢᠯᠲᠠᠭᠠᠨ ᠵᠡᠷᠭᠡ ᠶᠢ ᠲᠣᠪᠴᠢ ᠲᠠᠢᠯᠪᠤᠷᠢᠯᠠᠭᠰᠠᠨ ᠤ ᠳᠠᠷᠠᠭ᠎ᠠ᠂ ᠳᠡᠯᠡᠬᠡᠢ ᠶᠢᠨ ᠬᠣᠶᠠᠳᠤᠭᠠᠷ ᠳᠠᠢᠨ ᠤ ᠦᠶ᠎ᠡ ᠳᠦ ᠥᠪᠥᠷ ᠮᠣᠩᠭᠣᠯᠴᠤᠳ ᠶᠠᠫᠣᠨ ᠲᠠᠢ ᠬᠦᠴᠦ ᠬᠠᠮᠲᠤᠷᠠᠨ ᠲᠤᠰᠠᠭᠠᠷ ᠲᠣᠭᠲᠠᠨᠢᠯ ᠤᠨ ᠵᠠᠮ ᠢᠶᠠᠨ ᠡᠷᠢᠯᠬᠡᠯᠡᠵᠦ ᠪᠠᠢᠭᠰᠠᠨ ᠲᠤᠬᠠᠢ᠂ ᠡᠨᠡ ᠬᠦ ᠰᠢᠯᠲᠠᠭᠠᠨ ᠨᠢ ᠬᠢᠲᠠᠳ ᠠᠷᠠᠳ ᠤᠯᠤᠰ ᠪᠠᠢᠭᠤᠯᠤᠭᠳᠠᠭᠰᠠᠨ ᠤ ᠳᠠᠷᠠᠭ᠎ᠠ ᠡᠮᠦᠨᠡᠲᠦ ᠮᠣᠩᠭᠣᠯᠴᠤᠳ ᠢ ᠳᠠᠷᠤᠯᠠᠬᠤ᠂ ᠳᠠᠷᠤᠮᠲᠠᠯᠠᠬᠤ᠂ ᠬᠢᠲᠤᠬᠤ᠂  ᠲᠠᠯᠬᠢᠬᠤ ᠶᠢᠨ ᠬᠢᠨᠢ ᠰᠢᠯᠲᠠᠭᠠᠨ ᠪᠣᠯᠣᠭᠰᠠᠨ ᠪᠠᠢᠨ᠎ᠠ ᠭᠡᠪᠡ᠃ ᠥᠭᠡᠷ᠎ᠡ ᠪᠡᠷ ᠬᠡᠯᠡᠪᠡᠯ᠂ ᠶᠠᠭ ᠡᠭᠦᠨ ᠢᠶᠡᠷ ᠬᠢᠲᠠᠳ ᠤᠨ ᠦᠨᠳᠦᠰᠦᠲᠡᠨ ᠢ ᠬᠠᠢᠯᠠᠭᠤᠯᠬᠤ ᠪᠣᠳᠣᠯᠭ᠎ᠠ  ᠶᠢᠨ ᠢᠶᠡᠨ ᠰᠢᠯᠲᠠᠭ ᠪᠣᠯᠭᠠᠭᠰᠠᠨ ᠪᠠᠢᠨ᠎ᠠ᠃ ᠥᠪᠥᠷ ᠠᠷᠠᠳ ᠤᠨ ᠨᠠᠮ ᠤᠨ ᠬᠢᠯᠢᠰ ᠬᠡᠷᠡᠭ ᠢᠶᠡᠷ ᠡᠮᠦᠨᠡᠲᠦ ᠮᠣᠩᠭᠣᠯᠴᠤᠳ ᠢ 27900 ᠬᠦᠮᠦᠨ ᠢ ᠬᠢᠲᠤᠵᠤ ( ᠬᠢᠲᠠᠳ ᠤᠨ ᠠᠯᠪᠠᠨ ᠶᠣᠰᠣᠨ ᠤ ᠲᠣᠭ᠎ᠠ ᠪᠠᠷᠢᠮᠲᠠ᠂ ᠰᠣᠳᠣᠯᠣᠭᠠᠴᠢᠳ 5 ᠲᠦᠮᠡ᠂ 10 ᠲᠦᠮᠡ᠂ ᠪᠠᠰᠠ ᠵᠠᠷᠢᠮ ᠨᠢ 30 ᠲᠦᠮᠡ ᠬᠢᠲᠤᠯ᠎ᠠ ᠭᠡᠵᠦ ᠦᠵᠡᠵᠦ ᠪᠠᠢᠭ᠎ᠠ ) ᠪᠠᠢᠯ᠎ᠠ᠃ ᠢᠩᠬᠢᠭᠡᠳ ᠵᠣᠭᠰᠣᠭ᠎ᠠ ᠦᠭᠡᠢ᠂ ᠣᠳᠣ ᠳᠤ ᠴᠤ ᠭᠡᠰᠡᠨ ᠠᠮᠢᠳᠤᠷᠠᠯ ᠠᠬᠤᠢ ᠳᠤ ᠡᠯᠳᠡᠪ ᠦᠨ ᠳᠠᠷᠤᠮᠲᠠ ᠦᠵᠡᠭᠦᠯᠬᠦ᠂ ᠠᠵᠤ ᠠᠬᠤᠢ ᠶᠢᠨ ᠰᠠᠭᠤᠷᠢ ᠶᠢ ᠡᠪᠳᠡᠨ᠂ ᠪᠠᠢᠭᠠᠯᠢ ᠣᠷᠴᠢᠨ ᠲᠣᠭᠣᠷᠢᠨ ᠢ ᠴᠤ ᠲᠠᠯᠬᠢᠨ ᠡᠭᠦᠨ ᠡᠴᠡ ᠪᠣᠯᠣᠭᠰᠠᠨ ᠡᠯᠡᠰᠦᠨ ᠰᠢᠭᠤᠷᠭ᠎ᠠ ᠶᠠᠫᠣᠨ ᠬᠦᠷᠲᠡᠯ᠎ᠡ ᠬᠡᠢᠰᠦᠨ ᠢᠷᠡᠵᠦ ᠪᠠᠢᠭ᠎ᠠ᠃ ᠪᠠᠰᠠ ᠪᠡᠯᠴᠢᠭᠡᠷᠯᠡᠬᠦ ᠶᠢ ᠵᠣᠭᠰᠣᠭᠠᠨ ᠬᠠᠰᠢᠶᠠᠯᠠᠨ ᠮᠠᠯᠵᠢᠬᠤ ᠪᠣᠳᠤᠯᠭ᠎ᠠ᠂ ᠵᠢᠴᠢ ᠬᠣᠶᠠᠷ ᠵᠢᠯ ᠦᠨ ᠡᠮᠦᠨ᠎ᠡ ᠡᠴᠡ ᠡᠬᠢᠯᠡᠭᠰᠡᠨ ᠰᠢᠨ᠎ᠡ ᠬᠣᠣᠰ ᠬᠡᠯᠡᠨ ᠦ ᠰᠤᠷᠭᠠᠨ ᠬᠦᠮᠦᠵᠢᠯ ᠦᠨ ᠪᠣᠳᠣᠯᠭ᠎ᠠ ᠠᠴᠠ ᠡᠬᠡ ᠬᠡᠯᠡ ᠪᠡᠷ ᠢᠶᠡᠨ ᠬᠢᠴᠢᠶᠡᠯᠯᠡᠬᠦ ᠪᠣᠯᠣᠮᠵᠢ ᠪᠠᠭᠠᠰᠤᠭᠰᠠᠨ ᠢᠶᠠᠷ ᠥᠯᠥ ᠪᠠᠷᠠᠨ᠂ ᠢᠷᠡᠬᠦ ᠵᠢᠯ ᠡᠴᠡ ᠶᠡᠬᠡ ᠰᠤᠷᠭᠠᠭᠤᠯᠢ ᠶᠢᠨ ᠰᠤᠷᠤᠭᠴᠢ ᠡᠯᠰᠡᠬᠦ ᠳᠦ ᠪᠦᠷ ᠬᠢᠲᠠᠳ ᠬᠡᠯᠡ ᠪᠡᠷ ᠰᠢᠯᠭᠠᠯᠲᠠ ᠥᠭᠬᠦ ᠪᠣᠯᠣᠭᠰᠠᠨ ᠵᠡᠷᠭᠡ ᠪᠠᠢᠳᠠᠯ ᠢ ᠲᠣᠭ᠎ᠠ ᠪᠠᠷᠢᠮᠲᠠ ᠶᠢ ᠦᠨᠳᠦᠰᠦᠯᠡᠨ ᠲᠠᠢᠯᠪᠤᠷᠢᠯᠠᠨ ᠲᠠᠨᠢᠯᠴᠠᠭᠤᠯᠵᠠᠢ᠃

ᠬᠤᠷᠠᠯ ᠢ ᠵᠣᠬᠢᠶᠠᠨ ᠪᠠᠢᠭᠤᠯᠤᠭᠰᠠᠨ ᠨᠢ 《 ᠳᠡᠯᠡᠬᠡᠢ ᠶᠢᠨ ᠡᠩᠬᠡ ᠲᠠᠢᠪᠤᠩ ᠶᠢ ᠬᠠᠮᠠᠭᠠᠯᠠᠬᠤ ᠡᠮᠡᠭᠲᠡᠢᠴᠦᠳ ᠦᠨ ᠬᠣᠯᠪᠤᠭᠠᠨ ᠤ ᠤᠤᠰᠠᠺᠠ ᠳᠠᠬᠢ ᠭᠤᠷᠪᠠᠳᠤᠭᠠᠷ ᠬᠣᠯᠪᠣᠭᠠᠲᠤ ᠬᠤᠷᠠᠯ 》 ᠪᠣᠯᠣᠨ᠎ᠠ᠃

info@southmongolia.org