ᠡᠮᠦᠨᠡᠳᠦ ᠮᠣᠩᠭᠣᠯ ᠦ᠋ᠨ ᠶᠡᠬᠡ ᠬᠤᠷᠠᠯᠲᠠᠢ

ᠡᠮᠦᠨᠡᠲᠦ ᠮᠣᠩᠭᠣᠯ᠂ ᠲᠥᠪᠡᠳ᠂ ᠤᠶᠢᠭᠤᠷ᠂ ᠬᠣᠩᠺᠣᠩ ᠤᠨ ᠲᠥᠯᠥᠭᠡᠯᠡᠭᠴᠢᠳ ᠬᠡᠪᠯᠡᠯ ᠦᠨ ᠪᠠᠭ᠎ᠠ ᠬᠤᠷᠠᠯ ᠬᠢᠵᠡᠢ

ᠡᠮᠦᠨᠡᠲᠦ ᠮᠣᠩᠭᠣᠯ᠂ ᠲᠥᠪᠡᠳ᠂ ᠤᠶᠢᠭᠤᠷ᠂ ᠬᠣᠩᠺᠣᠩ ᠤᠨ ᠲᠥᠯᠥᠭᠡᠯᠡᠭᠴᠢᠳ ᠬᠡᠪᠯᠡᠯ ᠦᠨ ᠪᠠᠭ᠎ᠠ ᠬᠤᠷᠠᠯ ᠬᠢᠵᠡᠢ

ᠥᠩᠭᠡᠷᠡᠭᠰᠡᠨ ᡀᠠᠭᠪᠠ ᠭᠠᠷᠠᠭ ᠲᠤ(4 ᠳᠦᠭᠡᠷ ᠰᠠᠷ᠎ᠠ ᠶᠢᠨ 19)᠂ 《ᠬᠢᠲᠠᠳ ᠤᠨ ᠡᠵᠡᠯᠡᠨ ᠲᠦᠷᠢᠮᠡᠭᠡᠶᠢᠯᠡᠯ ᠳᠦ ᠪᠠᠶᠢᠭ᠎ᠠ ᠦᠨᠳᠦᠰᠦᠲᠡᠨ ᠨᠦᠭᠦᠳ ᠬᠠᠮᠲᠤᠷᠠᠨ᠂ G7  ᠶᠢᠨ ᠳᠡᠭᠡᠳᠦ ᠬᠡᠮᠵᠢᠶᠡᠨ ᠦ ᠠᠭᠤᠯᠵᠠᠯᠲᠠ ᠳᠤ ᠤᠷᠢᠶᠠᠯᠭ᠎ᠠ ᠭᠠᠷᠭᠠᠬᠤ ᠨᠢ》 ᠰᠡᠳᠦᠪᠲᠦ ᠬᠡᠪᠯᠡᠯ ᠦᠨ ᠬᠤᠷᠠᠯ ᠨᠢ ᠶᠠᠫᠣᠨ ᠤᠯᠤᠰ ᠤᠨ ᠫᠠᠷᠯᠠᠮᠸᠨᠲ ᠤᠨ ᠬᠣᠷᠢᠶᠠᠨ ᠳᠤ ᠪᠣᠯᠪᠠ᠃

ᠬᠡᠪᠯᠡᠯ ᠦᠨ ᠪᠠᠭ᠎ᠠ ᠬᠤᠷᠠᠯ ᠳᠤ ᠣᠷᠣᠯᠴᠠᠭᠰᠠᠨ ᠵᠣᠬᠢᠶᠠᠨ ᠪᠠᠢᠭᠤᠯᠤᠯᠲᠠ ᠨᠤᠭᠤᠳ ᠲᠤ᠂ ᠡᠮᠦᠨᠡᠲᠦ ᠮᠣᠩᠭᠣᠯ ᠤᠨ ᠶᠡᠬᠡ ᠬᠤᠷᠠᠯᠳᠠᠢ᠂ ᠳᠡᠯᠡᠬᠡᠢ ᠶᠢᠨ ᠮᠣᠩᠭᠣᠯᠴᠤᠳ ᠤᠨ ᠬᠣᠯᠪᠣᠭ᠎ᠠ᠂ ᠶᠠᠫᠣᠨ ᠳᠡᠬᠢ ᠤᠶᠢᠭᠤᠷ ᠤᠨ ᠨᠡᠶᠢᠭᠡᠮᠯᠢᠭ᠂ ᠳᠡᠭᠡᠷᠡᠬᠢ ᠶᠢᠨ ᠭᠡᠭᠡᠭᠡᠨᠲᠡᠨ ᠳᠠᠯᠠᠢ ᠯᠠᠮᠠ ᠶᠢᠨ ᠶᠠᠫᠣᠨ ᠳ᠋ᠠᠬᠢ ᠲᠥᠯᠦᠭᠡᠯᠡᠭᠴᠢ ᠶᠢᠨ ᠭᠠᠵᠠᠷ᠂ ᠶᠠᠫᠣᠨ ᠤ  ᠬᠣᠩᠺᠣᠩ ᠤᠨ ᠠᠷᠠᠳᠴᠢᠯᠠᠭᠰᠠᠨ ᠬᠣᠯᠪᠤᠭ᠎ᠠ ᠨᠤᠭᠤᠳ ᠪᠠᠢᠯ᠎ᠠ᠃

5 ᠳ᠋ᠤᠭᠠᠷ ᠰᠠᠷ᠎ᠠ ᠳᠤ ᠾᠢᠷᠣᠰᠢᠮᠠ  ᠳᠤ ᠪᠣᠯᠬᠤ 《ᠶᠡᠬᠡ 7》 ᠶᠢᠨ ᠳᠡᠭᠡᠳᠦ ᠬᠡᠮᠵᠢᠶᠡᠨ ᠦ ᠠᠭᠤᠯᠵᠠᠯᠲᠠ ᠶᠢᠨ ᠡᠮᠦᠨ᠎ᠡ ᠬᠢᠲᠠᠳ ᠤᠨ ᠰᠢᠨᠵᠢᠶᠠᠩ-ᠤᠶᠢᠭᠤᠷ᠂ ᠲᠥᠪᠡᠳ᠂ ᠡᠮᠦᠨᠡᠲᠦ ᠮᠣᠩᠭᠣᠯ᠂ᠬᠣᠩᠺᠣᠩ ᠤᠨ ᠢᠷᠭᠡᠳ ᠡᠴᠡ ᠪᠦᠷᠢᠳᠦᠭᠰᠡᠨ ᠪᠦᠯᠦᠭ ᠦᠨ ᠲᠥᠯᠥᠭᠡᠯᠡᠭᠴᠢᠳ ᠬᠡᠪᠯᠡᠯ ᠦᠨ ᠪᠠᠭ᠎ᠠ ᠬᠤᠷᠠᠯ ᠬᠢᠵᠦ᠂ ᠬᠢᠲᠠᠳ ᠤᠨ ᠵᠠᠰᠠᠭ ᠤᠨ ᠭᠠᠵᠠᠷ ᠠᠴᠠ ᠦᠨᠳᠦᠰᠦᠲᠡᠨ ᠶᠠᠰᠤᠲᠠᠨ ᠨᠤᠭᠤᠳ ᠢ ᠬᠠᠪᠴᠢᠨ ᠳᠠᠷᠤᠮᠲᠠᠯᠠᠵᠤ᠂ᠭᠢᠨᠣᠴᠢᠳ ᠠᠵᠢᠯᠯᠠᠭ᠎ᠠ ᠶᠠᠪᠤᠭᠤᠯᠵᠤ ᠪᠠᠶᠢᠭ᠎ᠠ ᠶᠢ ᠵᠣᠭᠰᠣᠭᠠᠬᠤ ᠶᠢᠨ ᠲᠤᠯᠠᠳᠠ ᠲᠣᠳᠣᠷᠬᠠᠢ ᠠᠷᠭ᠎ᠠ ᠬᠡᠮᠵᠢᠶ᠎ᠡ ᠠᠪᠴᠤ᠂ ᠮᠡᠳᠡᠭᠳᠡᠯ ᠭᠠᠷᠭᠠᠬᠤ ᠶᠢ ᠶᠡᠬᠡ 7  ᠶᠢᠨ ᠤᠳᠤᠷᠢᠳᠤᠭᠴᠢᠳ ᠠᠴᠠ ᠬᠦᠰᠡᠭᠰᠡᠨ ᠡᠷᠭᠦᠳᠡᠯ ᠭᠠᠷᠭᠠᠭᠰᠠᠨ  ᠶᠤᠮ᠃

ᠲᠣᠰ ᠡᠷᠭᠦᠳᠡᠯ ᠳᠡᠬᠡᠨ ᠮᠥᠨ 《ᠡᠷᠬᠡ ᠴᠢᠯᠦᠭᠡ᠂ ᠠᠷᠠᠳᠴᠢᠯᠠᠯ᠂ ᠬᠦᠮᠦᠨ ᠦ ​​ᠡᠷᠬᠡ ᠵᠡᠷᠭᠡ ᠨᠡᠶᠢᠲᠡᠯᠢᠭ ᠵᠠᠷᠴᠢᠮ ᠤᠳ ᠢ ᠤᠯᠠᠨ ᠳᠤ ᠪᠠᠨ ᠭᠢᠰᠬᠢᠵᠦ ᠪᠤᠢ ᠬᠢᠲᠠᠳ ᠤᠯᠤᠰ ᠢ ᠴᠢᠩᠳᠠᠯᠠᠨ ᠪᠤᠷᠤᠭᠤᠰᠢᠶᠠᠬᠤ ᠨᠢ ᠶᠡᠬᠡ 7 ᠶᠢᠨ ᠡᠷᠬᠢᠮ ᠵᠣᠷᠢᠯᠭ᠎ᠠ ᠶᠤᠮ》ᠭᠡᠵᠡᠢ ᠃

ᠬᠡᠪᠯᠡᠯ ᠦᠨ ᠪᠠᠭ᠎ᠠ ᠬᠤᠷᠠᠯ ᠳᠡᠭᠡᠷ᠎ᠡ᠂ᠡᠮᠦᠨᠡᠲᠦ ᠮᠣᠩᠭᠣᠯ ᠤᠨ ᠶᠡᠬᠡ ᠬᠤᠷᠠᠯᠳᠠᠢ ᠶᠢᠨ ᠪᠠᠶᠢᠩᠭᠤ ᠶᠢᠨ ᠳᠡᠳ᠋ ᠲᠡᠷᠢᠭᠦᠨ ᠣᠯᠬᠣᠨᠣᠳ ᠳᠠᠶᠢᠴᠢᠨ᠂ ᠡᠮᠦᠨᠡᠲᠦ ᠮᠣᠩᠭᠣᠯ ᠤᠨ ᠬᠡᠦᠬᠡᠳ ᠦᠳ ᠡᠬᠡ ᠬᠡᠯᠡ ᠪᠡᠷ ᠢᠶᠡᠨ ᠰᠤᠷᠴᠤ ᠪᠣᠯᠪᠠᠰᠤᠷᠠᠬᠤ ᠡᠷᠬᠡ ᠪᠡᠨ ᠬᠠᠰᠤᠭᠤᠯᠵᠤ ᠪᠠᠶᠢᠭ᠎ᠠ ᠂ ᠡᠮᠦᠨᠡᠲᠦ ᠮᠣᠩᠭᠣᠯ ᠳᠤ ᠬᠢᠲᠠᠳ ᠤᠨ ᠺᠣᠮᠮᠤᠨᠢᠰᠲ ᠨᠠᠮ ᠤᠨ ᠬᠢᠵᠦ ᠪᠠᠶᠢᠭ᠎ᠠ ᠰᠣᠶᠣᠯ ᠤᠨ ᠭᠢᠨᠣᠴᠢᠳ᠋ ᠤᠨ ᠥᠨᠥ ᠶᠢᠨ ᠪᠠᠶᠢᠳᠠᠯ ᠤᠨ ᠲᠠᠯ᠎ᠠ ᠪᠠᠷ ᠶᠠᠷᠢᠵᠤ᠂ ᠠᠽᠢᠶ᠎ᠠ ᠶᠢᠨ ᠲᠡᠷᠢᠭᠦᠯᠡᠭᠴᠢ ᠠᠷᠠᠳᠴᠢᠯᠠᠭᠰᠠᠨ ᠣᠷᠣᠨ ᠤ ᠬᠤᠪᠢ ᠳᠤ ᠶᠠᠫᠣᠨ ᠤ ᠵᠠᠰᠠᠭ ᠤᠨ ᠭᠠᠵᠠᠷ ᠠᠴᠠ ᠬᠢᠲᠠᠳ ᠤᠨ ᠵᠠᠰᠠᠭ ᠤᠨ ᠭᠠᠵᠠᠷ ᠤᠨ ᠡᠨᠡᠬᠦ ᠵᠡᠷᠯᠢᠭ ᠦᠢᠯᠡᠳᠦᠯ ᠢ ᠡᠰᠡᠷᠭᠦᠴᠡᠵᠦ᠂ ᠡᠮᠦᠨᠡᠲᠦ ᠮᠣᠩᠭᠣᠯ ᠳ᠋ᠡᠬᠢ ᠬᠡᠯᠡᠨ ᠦ ᠪᠣᠯᠪᠠᠰᠤᠷᠠᠯ ᠢ ᠬᠠᠯᠠᠬᠤ ᠶᠠᠪᠤᠳᠠᠯ ᠢ ᠳᠠᠷᠤᠢ ᠵᠣᠭᠰᠣᠭᠠᠬᠤ ᠶᠢ ᠤᠷᠢᠶᠠᠯᠠᠵᠠᠢ ᠃ ᠲᠡᠷᠡ ᠪᠡᠷ ᠮᠥᠨ ᠶᠠᠫᠣᠨ ᠤ ᠳ᠋ᠢᠫᠯᠣᠮᠠᠲ ᠪᠠᠶᠢᠷᠢ ᠰᠠᠭᠤᠷᠢᠨ ᠠᠴᠠ ᠬᠢᠲᠠᠳ ᠤᠨ ᠵᠠᠰᠠᠭ ᠤᠨ ᠭᠠᠵᠠᠷ ᠤᠨ ᠡᠰᠡᠷᠭᠦ ᠴᠢᠨᠠᠭᠰᠢᠳᠠ ᠬᠣᠷᠢᠭ ᠠᠷᠭ᠎ᠠ ᠬᠡᠮᠵᠢᠶ᠎ᠡ ᠠᠪᠬᠤ ᠶᠢ ᠤᠷᠢᠶᠠᠯᠠᠵᠤ᠂ 《ᠶᠡᠬᠡ 7》  ᠶᠢ ᠳᠠᠷᠤᠭᠠᠯᠠᠵᠤ ᠪᠠᠶᠢᠬᠤ ᠬᠤᠭᠤᠴᠠᠭᠠᠨ ᠳᠤ ᠪᠠᠨ ᠠᠷᠠᠳᠴᠢᠯᠠᠯ ᠢ ᠳᠡᠮᠵᠢᠵᠦ᠂ ᠳᠡᠯᠡᠬᠡᠢ ᠶᠢᠨ ᠬᠦᠮᠦᠨ ᠦ ᠡᠷᠬᠡ ᠶᠢᠨ ᠪᠠᠶᠢᠳᠠᠯ ᠢ ᠰᠠᠶᠢᠵᠢᠷᠠᠭᠤᠯᠬᠤ ᠳᠤ ᠳᠠᠭᠠᠭᠤᠯᠬᠤ ᠡᠭᠦᠷᠭᠡ  ᠭᠦᠢᠴᠡᠳᠬᠡᠬᠦ  ᠶᠢ ᠬᠦᠰᠡᠵᠡᠢ᠃

ᠶᠡᠬᠡ7 ᠳᠦ ᠭᠠᠷᠭᠠᠭᠰᠠᠨ ᠡᠷᠭᠦᠳᠡᠯ ᠦᠨ ᠪᠢᠴᠢᠭ

                                                              ᠮᠡᠳᠡᠭᠡ ᠶᠢ ᠪᠠᠲᠤ᠂ ᠵᠢᠷᠤᠭ ᠢ ᠮᠣᠷᠢ ᠠᠴᠠ ᠬᠠᠩᠭᠠᠪᠠ

info@southmongolia.org