ᠡᠮᠦᠨᠡᠳᠦ ᠮᠣᠩᠭᠣᠯ ᠦ᠋ᠨ ᠶᠡᠬᠡ ᠬᠤᠷᠠᠯᠲᠠᠢ

ᠮᠡᠳᠡᠭᠡ 2021 11 20

ᠡᠮᠦᠨᠡᠲᠦ ᠮᠣᠩᠭᠣᠯ ᠦ᠋ᠨ ᠶᠡᠬᠡ ᠬᠤᠷᠠᠯᠳᠠᠢ ᠶ᠋ᠢᠨ ᠬᠣᠶᠠᠳᠤᠭᠠᠷ ᠤᠳᠠᠭᠠᠨ ᠤ᠋ ᠶᠡᠬᠡ ᠬᠤᠷᠠᠯ

ᠡᠮᠦᠨᠡᠲᠦ ᠮᠣᠩᠭᠣᠯ ᠤᠨ ᠶᠡᠬᠡ ᠬᠤᠷᠠᠯᠳᠠᠢ ᠶᠢᠨ ᠬᠣᠶᠠᠳᠤᠭᠠᠷ ᠴᠢᠭᠤᠯᠭᠠᠨ 11 ᠳ᠋ᠦ᠋ᠭᠡᠷ ᠰᠠᠷ᠎ᠠ ᠶᠢᠨ 20 ᠡᠴᠡ 25  ᠦ ᠬᠣᠭᠣᠷᠤᠨᠳᠤ ᠶᠠᠫᠣᠨ ᠳᠤ ᠶᠠᠪᠤᠭᠳᠠᠵᠤ ᠪᠠᠢᠨ᠎ᠠ᠃ ᠡᠮᠦᠨᠡᠲᠦ ᠮᠣᠩᠭᠣᠯ ᠤᠨ ᠶᠡᠬᠡ ᠬᠤᠷᠠᠯᠳᠠᠢ ᠨᠢ᠂ ᠡᠵᠡᠨ ᠮᠡᠳᠡᠬᠦ ᠡᠷᠬᠡ᠂ ᠡᠷᠬᠡ ᠴᠢᠯᠦᠭᠡ᠂ ᠬᠦᠮᠦᠨ ᠦ ᠡᠷᠬᠡ  ᠶᠢᠨ ᠲᠥᠯᠥᠭᠡᠬᠢ ᠨᠠᠮ ᠬᠣᠯᠪᠤᠭ᠎ᠠ ᠨᠤᠭᠤᠳ ᠤᠨ ᠡᠪᠰᠡᠯ ᠪᠣᠯᠬᠣ ᠶᠤᠮ᠃ 20 ᠦ ᠡᠳᠦᠷ ᠦᠨ ᠬᠤᠷᠠᠯ ᠳᠤ ᠶᠠᠫᠣᠨ ᠠᠴᠠ ᠭᠠᠳᠠᠨ᠎ᠠ᠂ ᠮᠣᠩᠭᠣᠯ᠂ ᠠᠮᠧᠷᠢᠺᠠ᠂ ᠴᠸᠬᠣ᠋᠂ ᠭᠧᠷᠮᠠᠨ᠂ ᠹᠷᠠᠨᠼᠢ᠂ ᠰᠸᠸᠳᠠᠨ᠂ ᠨᠣᠷᠸᠠᠢ ᠵᠡᠷᠭᠡ ᠤᠯᠤᠰ ᠠᠴᠠ ᠢᠳᠡᠪᠬᠢᠲᠡᠳ ᠣᠷᠣᠯᠴᠠᠪᠠ᠃ ᠡᠮᠦᠨᠡᠲᠦ ᠮᠣᠩᠭᠣᠯ ᠤᠨ ᠶᠡᠬᠡ ᠬᠤᠷᠠᠯᠳᠠᠢ ᠶᠢᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤ ᠰᠣᠩᠭᠤᠭᠤᠯᠢ ᠪᠣᠯᠣᠨ ᠠᠵᠢᠯ ᠴᠢᠭᠯᠡᠯᠲᠡ ᠵᠡᠷᠭᠡ ᠪᠡᠨ ᠬᠡᠯᠡᠯᠴᠡᠭᠰᠡᠨ ᠪᠠᠢᠨ᠎ᠠ᠃

ᠲᠤᠰ ᠡᠳᠦᠷ ᠦᠨ ᠬᠤᠷᠠᠯ ᠳᠤ ᠪᠠᠰᠠ ᠶᠠᠫᠣᠨ ᠳᠠᠬᠢ 《 ᠡᠮᠦᠨᠡᠲᠦ ᠮᠣᠩᠭᠣᠯ ᠢ ᠳᠡᠮᠵᠢᠬᠦ ᠣᠷᠣᠨ ᠨᠤᠲᠤᠭ ᠤᠨ ᠫᠠᠷᠯᠠᠮᠸᠨᠲ ᠤᠨ ᠬᠣᠯᠪᠤᠭᠠᠨ 》 ᠤ ᠳᠠᠷᠤᠭ᠎ᠠ ᠺᠠᠰᠠᠮᠠ᠂ ᠨᠠᠷᠢᠨ ᠪᠢᠴᠢᠭ ᠳᠠᠷᠤᠭ᠎ᠠ ᠶᠠᠮᠠᠮᠣᠲ᠋ᠣ‍ ᠪᠣᠯᠣᠨ 《 ᠡᠮᠦᠨᠡᠲᠦ ᠮᠣᠩᠭᠣᠯ ᠢ ᠳᠡᠮᠵᠢᠬᠦ ᠶᠠᠫᠣᠨᠴᠤᠳ ᠤᠨ ᠬᠤᠷᠠᠯ 》 ᠦᠨ ᠳᠠᠷᠤᠭ᠎ᠠ ᠹᠦᠷᠦᠺᠠᠸᠠ᠂ ᠨᠠᠷᠢᠨ ᠪᠢᠴᠢᠭ ᠦᠨ ᠳᠠᠷᠤᠭ᠎ᠠ ᠰᠠᠲ᠋ᠣ᠋ ᠪᠣᠯᠣᠨ ᠬᠡᠰᠡᠭ ᠭᠡᠰᠢᠭᠦᠳ ᠣᠷᠣᠯᠴᠠᠨ ᠶᠠᠫᠣᠨ ᠳᠠᠬᠢ ᠡᠮᠦᠨᠡᠲᠦ ᠮᠣᠩᠭᠣᠯ ᠤᠨ ᠬᠦᠳᠡᠯᠭᠡᠭᠡᠨ ᠢ ᠬᠡᠷᠬᠢᠨ ᠡᠷᠴᠢᠮᠲᠡᠢ ᠥᠷᠨᠢᠭᠦᠯᠬᠦ ᠲᠤᠬᠠᠢ ᠰᠠᠨᠠᠯ ᠰᠣᠯᠢᠯᠴᠠᠪᠠ᠃

ᠰᠢᠨ᠎ᠡ ᠤᠳᠤᠷᠢᠳᠬᠤ ᠪᠠᠭ ᠲᠦ᠂ ᠲᠡᠷᠢᠭᠦᠨ ᠢᠶᠡᠷ ᠱᠣᠪᠴᠢᠭᠤᠳ ᠲᠡᠮᠡᠴᠡᠯᠲᠦ ( ᠭᠧᠷᠮᠠᠨ )᠂ ᠳᠡᠳ᠋ ᠲᠡᠷᠢᠭᠦᠨ ᠢᠶᠡᠷ ᠣᠯᠬᠤᠨᠤᠳ ᠳᠠᠢᠴᠢᠨ ( ᠶᠠᠫᠣᠨ᠂ ᠪᠠᠢᠩᠭᠤ ᠶᠢᠨ ᠳᠡᠳ᠋ ᠲᠡᠷᠢᠭᠦᠨ᠂ ᠭᠠᠳᠠᠭᠠᠳᠤ ᠬᠠᠷᠢᠯᠴᠠᠭ᠎ᠠ ) ᠣ᠂ ᠥᠷᠭᠡᠨ ( ᠶᠠᠫᠣᠨ᠂ ᠰᠤᠶᠤᠯ ᠱᠠᠰᠢᠨ ᠰᠤᠷᠲᠠᠬᠤᠨ )᠂ ᠴ᠂ ᠮᠥᠩᠬᠡᠪᠠᠶᠠᠷ ( ᠮᠣᠩᠭᠣᠯ᠂ ᠰᠤᠷᠲᠠᠯ ᠤᠬᠠᠭᠤᠯᠭ᠎ᠠ )᠂ ᠶᠡᠷᠥᠩᠬᠡᠢ ᠨᠠᠷᠢᠨ ᠪᠢᠴᠢᠭ ᠦᠨ ᠳᠠᠷᠤᠭ᠎ᠠ ᠪᠠᠷ ᠭᠣᠪᠣᠷᠤᠳ ᠠᠷᠴᠠ ( ᠶᠠᠫᠣᠨ )᠂ ᠳᠡᠳ᠋ ᠳᠠᠷᠤᠭ᠎ᠠ ᠪᠠᠷ ᠠᠯᠲᠠᠨᠬᠤᠸᠠᠷ ( ᠠᠮᠧᠷᠢᠺᠠ )᠂ ᠥᠯᠵᠡᠢ ( ᠶᠠᠫᠣᠨ )᠂ ᠪᠤᠷᠬᠠᠨᠬᠦᠦ ( ᠹᠷᠠᠨᠼᠢ )᠂ ᠪᠦᠲᠦᠭᠡᠭᠴᠢ ( ᠨᠣᠷᠸᠠᠢ ) ᠨᠠᠷ ᠰᠤᠩᠭᠤᠭᠳᠠᠪᠠ᠃

ᠬᠤᠷᠠᠯ ᠳᠤ ᠡᠮᠦᠨᠡᠲᠦ ᠮᠣᠩᠭᠣᠯᠴᠤᠳ ᠤᠨ ᠡᠵᠡᠨ ᠮᠡᠳᠡᠬᠦ ᠡᠷᠬᠡ᠂ ᠡᠷᠬᠡ ᠴᠢᠯᠦᠭᠡ᠂ ᠬᠦᠮᠦᠨ ᠦ ᠡᠷᠬᠡ ᠶᠢᠨ ᠲᠥᠯᠥᠭᠡ ᠤᠯᠠᠮ ᠡᠷᠴᠢ ᠬᠦᠴᠦᠲᠡᠢ ᠲᠡᠮᠡᠴᠡᠬᠦ᠂ ᠡᠮᠦᠨᠡᠲᠦ ᠮᠣᠩᠭᠣᠯᠴᠤᠳ ᠤᠨ ᠡᠰᠡᠷᠭᠦ ‍ᠭᠧᠨᠣᠴᠢᠳ ( ᠬᠣᠮᠣᠷᠭᠠᠯᠠᠨ ᠬᠢᠲᠣᠯᠲᠠ GENOCIDE )᠂ ᠬᠠᠷᠭᠢᠰᠯᠠᠯ ᠤᠳ ᠠᠷᠠᠳᠴᠢᠯᠠᠭᠰᠠᠨ ᠤᠯᠤᠰ ᠤᠳ᠂ ᠣᠯᠠᠨ ᠤᠯᠤᠰ ᠤᠨ ᠪᠠᠢᠭᠤᠯᠤᠯᠭ᠎ᠠ ᠨᠤᠭᠤᠳ ᠢᠶᠠᠷ ᠬᠦᠯᠢᠶᠡᠨ ᠵᠦᠪᠰᠢᠶᠡᠷᠡᠭᠦᠯᠬᠦ ᠭᠡᠬᠦ ᠮᠡᠲᠦ ᠶ᠋ᠢᠨ ᠣᠯᠠᠨ ᠴᠢᠬᠤᠯᠠ ᠠᠰᠠᠭᠤᠳᠠᠯ ᠤᠳ ᠢ ᠶᠠᠷᠢᠯᠴᠠᠭᠰᠠᠨ ᠪᠠᠢᠨ᠎ᠠ᠃ 25 ᠤ᠋ ᠡᠳᠦᠷ ᠲᠣᠰ ᠤᠳᠠᠭᠠᠨ ᠤ ᠴᠢᠭᠤᠯᠭᠠᠨ ᠤ ᠬᠠᠮᠤᠭ ᠰᠡᠭᠦᠯᠴᠢ ᠶᠢᠨ ᠬᠤᠷᠠᠯ ᠢᠶᠠᠨ ᠶᠠᠫᠣᠨ ᠤ ᠫᠠᠷᠯᠠᠮᠸᠨᠲ ᠤᠨ ᠬᠤᠷᠠᠯ ᠤᠨ ᠭᠡᠷ ᠲᠦ ᠬᠤᠷᠠᠯᠳᠤᠬᠤ ᠪᠣᠯᠣᠨ᠎ᠠ᠃

ᠪᠠᠲᠤᠲᠤᠯᠭ᠎ᠠ ᠮᠡᠳᠡᠭᠡᠯᠡᠪᠡ

info@southmongolia.org